ᠤᠯᠠᠭᠠᠠᠲᠤᠯᠤᠭᠠᠢ ᠪᠠᠯᠭᠠᠰᠤᠨ ᠤ ︽ᠲᠡᠭᠷᠢ ᠲᠠᠯ᠎ᠠ︾ ᠨᠢᠰᠦᠯᠲᠡ ᠶᠢ ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ ᠬᠡᠷᠡᠭᠯᠡᠯᠲᠡ ᠳᠤ ᠤᠷᠤᠪᠡ
ᠨᠡᠶᠢᠲᠡᠯᠡᠭᠰᠡᠨ ᠴᠠᠭ᠄
2018-08-02
     7 ᠰᠠᠷ᠎ᠠ ᠶᠢᠨ 29 ᠤ ᠡᠳᠦᠷ᠂ ᠤᠯᠠᠭᠠᠠᠲᠤᠯᠤᠭᠠᠢ ᠪᠠᠯᠭᠠᠰᠤᠨ ᠤ《ᠲᠡᠭᠷᠢ ᠲᠠᠯ᠎ᠠ》 ᠨᠢᠰᠦᠯᠲᠡ ᠶᠢ ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ ᠵᠢᠩᠭᠢᠨᠢ ᠪᠠᠷ ᠬᠡᠷᠡᠭᠯᠡᠯᠲᠡ ᠳᠤ ᠤᠷᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠲᠡᠳ᠋ ᠲᠠᠷᠤᠭ᠎ᠠ ᠵᠧᠦ ᠱᠤᠸᠠᠢ ᠂ ᠪᠠᠶᠠᠠᠴᠡᠩᠬᠡᠯ᠂ ᠯᠢ ᠬᠤᠩ ᠯᠢᠶᠠᠩ ᠵᠡᠷᠭᠡ ᠰᠢᠶᠡᠨ ᠤ ᠳᠡᠰ ᠤᠨ ᠤᠳᠤᠷᠢᠳᠤᠯᠭ᠎ᠠ ᠨᠠᠷ ᠡᠬᠢᠯᠡᠯᠲᠡ ᠶᠢᠨ ᠶᠤᠰᠤᠯᠠᠯ  ᠳᠤ ᠤᠷᠤᠯᠴᠠᠬᠤ ᠶᠢᠨ ᠬᠠᠮᠲᠦ ᠢᠯᠠᠯᠲᠠ ᠲᠤᠰᠬᠤᠨ ᠤ《ᠲᠡᠭᠷᠢ ᠲᠠᠯ᠎ᠠ》ᠨᠢᠰᠦᠯᠲᠡ ᠶᠢᠨ ᠰᠠᠭᠤᠷᠢᠨ ᠭᠠᠵᠠᠷ ᠢᠶᠠᠷ ᠲᠤᠭᠤᠷᠢᠨ ᠦᠵᠡᠵᠤ ᠪᠠᠶᠢᠳᠠᠯ ᠢ ᠤᠶᠢᠯᠠᠭᠠᠪᠠ᠃
     ᠶᠤᠰᠤᠯᠠᠯ ᠲᠡᠭᠡᠷ᠎ᠡ ᠵᠤᠤ ᠹᠸᠢ ᠯᠤ᠋ ᠤᠯᠠᠭᠠᠠᠲᠤᠯᠤᠭᠠᠢ ᠪᠠᠯᠭᠠᠰᠤᠨ ᠤ《ᠲᠡᠭᠷᠢ ᠲᠠᠯ᠎ᠠ》ᠨᠢᠰᠦᠯᠲᠡ ᠶᠢ ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ ᠬᠡᠷᠡᠭᠯᠡᠯᠲᠡ ᠳᠤ ᠤᠷᠤᠭᠰᠠᠨ ᠢ ᠵᠠᠷᠯᠠᠵᠤ᠂  ᠯᠢ ᠬᠤᠩ ᠯᠢᠶᠠᠩ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠦᠯᠦᠭᠡᠯᠡᠵᠤ ᠶᠠᠷᠢᠶ᠎ᠠ ᠲᠠᠯᠪᠢᠪᠠ᠃ ᠲᠡᠷᠡ ᠢᠯᠡᠷᠬᠡᠶᠢᠯᠡᠬᠦ ᠳᠤ  ᠪᠠᠨ᠂ ᠵᠢᠭᠤᠯᠴᠢᠯᠠᠯ ᠤᠨ ᠦᠢᠯᠡᠰ ᠪᠤᠯ ᠠᠷᠠᠳ ᠤᠨ ᠠᠮᠢᠳᠤᠷᠠᠯ ᠤᠨ ᠳᠦᠪᠰᠢᠨ ᠢ ᠳᠡᠭᠡᠭᠰᠢᠯᠡᠬᠦᠯᠬᠦ ᠴᠢᠬᠤᠯᠠ ᠠᠵᠤ ᠦᠢᠯᠡᠰ ᠪᠠᠶᠢᠵᠤ᠂ ᠠᠵᠤ ᠠᠬᠤᠢ ᠶᠢᠨ ᠬᠦᠭᠵᠢᠯᠲᠡ᠂ ᠠᠵᠢᠯ ᠤᠯᠭᠤᠯᠲᠠ ᠶᠢ ᠨᠡᠮᠡᠭᠳᠡᠭᠦᠯᠬᠦ ᠪᠦᠲᠦᠮᠵᠢᠲᠠᠢ ᠠᠷᠭ᠎ᠠ ᠪᠠᠷᠢᠯ ᠪᠤᠯᠬᠤ ᠶᠤᠮ᠃ ᠮᠦᠨ ᠴᠦ ᠮᠠᠯᠵᠢᠬᠤ ᠲᠠᠷᠢᠶᠠᠯᠠᠬᠤ ᠤᠷᠤᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ  ᠢ ᠠᠭᠤᠰᠤᠯᠴᠠᠭᠤᠯᠤᠨ ᠬᠦᠭᠵᠢᠬᠦᠯᠬᠦ᠂ ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠴᠢᠬᠤᠯᠠ ᠠᠷᠭ᠎ᠠ ᠪᠠᠷᠢᠯ᠂ ᠬᠦᠲᠡᠭᠡ ᠲᠤᠰᠬᠤᠨ ᠤ ᠬᠠᠮᠲᠦ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ ᠬᠠᠮᠲᠦ ᠶᠢᠨ ᠠᠵᠤ ᠠᠬᠤᠢ ᠶᠢ ᠬᠦᠭᠵᠢᠬᠦᠯᠬᠦ ᠪᠦᠲᠦᠮᠵᠢᠲᠠᠢ ᠠᠷᠭ᠎ᠠ ᠪᠠᠷᠢᠯ ᠪᠤᠯᠬᠤ ᠶᠤᠮ᠃ ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠬᠡᠮ ᠤᠨ ᠵᠢᠷᠦᠮ ᠤᠨ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ  ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯᠳᠤᠭᠠᠨ ᠤ ᠬᠤᠭᠤᠴᠠᠭᠠᠨ ᠳᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ  ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠦᠵᠡᠯᠲᠡ ᠶᠢ ᠪᠤᠢ ᠪᠤᠯᠭᠠᠨ᠂ ᠵᠢᠭᠤᠯᠴᠢᠯᠠᠯ ᠤᠨ ᠡᠬᠢ ᠪᠠᠶᠠᠯᠢᠭ  ᠯᠤᠭ᠎ᠠ ᠤᠶᠠᠯᠳᠤᠭᠤᠯᠵᠤ᠂ ᠮᠤᠩᠭᠤᠯ ᠦᠨᠳᠦᠰᠦᠲᠡᠨ ᠤ ᠤᠨᠴᠠᠯᠢᠭ ᠪᠦᠬᠦᠢ ᠰᠤᠶᠤᠯ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠂ ᠦᠦᠰᠢᠨ ᠤ ᠰᠤᠶᠤᠯ ᠵᠢᠭᠤᠯᠴᠢᠯᠠᠯ ᠤᠨ ᠨᠡᠷᠡᠲᠦ ᠲᠡᠮᠲᠡᠭ ᠢ ᠴᠢᠷᠮᠠᠶᠢᠨ ᠡᠭᠦᠳᠴᠦ᠂ ᠵᠢᠭᠤᠯᠴᠢᠯᠠᠯ ᠤᠨ ᠦᠢᠯᠡᠰ ᠤᠨ ᠦᠷᠨᠢᠭᠦᠨ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
    《ᠲᠡᠭᠷᠢ ᠲᠠᠯ᠎ᠠ》ᠨᠢᠰᠦᠯᠲᠡ ᠶᠢᠨ ᠰᠠᠭᠤᠷᠢᠨ ᠭᠠᠵᠠᠷ ᠬᠡᠷᠡᠭᠯᠡᠯᠲᠡ ᠳᠤ ᠤᠷᠤᠬᠤ ᠶᠤᠰᠤᠯᠠᠯ ᠤᠨ ᠲᠤᠬᠠᠢ ᠶᠢᠨ ᠲᠠᠯᠠᠪᠤᠷ ᠲᠤ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠠᠪᠤᠭᠳᠠᠵᠤ᠂ ᠭᠤᠤᠯᠳᠠᠭᠤ ᠬᠠᠯᠠᠭᠤᠨ ᠬᠡᠶᠢᠲᠦ ᠪᠦᠮᠪᠦᠭᠡ᠂ ᠬᠠᠯᠢᠯᠲᠠ ᠶᠢᠨ ᠰᠢᠬᠦᠷ ᠵᠡᠷᠭᠡ ᠲᠤᠤᠭᠤᠷ ᠨᠢᠰᠬᠦ ᠶᠢ ᠪᠡᠶᠡᠴᠢᠯᠡᠨ ᠤᠶᠢᠯᠠᠭᠠᠬᠤ ᠠᠵᠢᠯᠯᠠᠭ᠎ᠠ ᠦᠷᠨᠢᠭᠦᠯᠵᠤ ᠂ ᠠᠵᠢᠯᠯᠠᠭ᠎ᠠ ᠨᠢ ᠲᠡᠭᠷᠢ ᠲᠠᠯ᠎ᠠ ᠮᠠᠯᠵᠢᠯ ᠤᠨ ᠲᠠᠯᠠᠪᠠᠢ ᠶᠢ ᠤᠭᠲᠠᠷᠭᠤᠢ ᠠᠴᠠ ᠪᠠᠷᠠᠯᠠᠬᠤ ᠵᠡᠷᠭᠡ ᠠᠭᠤᠯᠭ᠎ᠠ ᠪᠠᠷ ᠭᠤᠤᠯ ᠪᠤᠯᠭᠠᠨ ᠲᠤᠤᠭᠤᠷ ᠨᠢᠰᠬᠦ᠂ ᠤᠰᠤᠨ ᠳᠡᠭᠡᠷᠡᠬᠢ ᠴᠡᠩᠭᠡᠬᠦᠨ ᠨᠠᠭᠠᠳᠤᠮ ᠢ ᠪᠡᠶᠡᠴᠢᠯᠡᠨ ᠤᠶᠢᠯᠠᠭᠠᠬᠤ ᠵᠢᠴᠢ ᠢᠯᠠᠯᠲᠠ ᠲᠤᠰᠬᠤᠨ ᠢ ᠲᠤᠭᠤᠷᠢᠨ ᠲᠤᠭᠤᠢ ᠤᠨᠤᠬᠤ᠂ ᠶᠠᠪᠠᠭᠠᠨ ᠠᠯᠬᠤᠬᠤ ᠵᠡᠷᠭᠡ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠢ ᠲᠤᠬᠢᠷᠠᠭᠤᠯᠵᠤ ᠵᠡᠷᠭᠡᠯᠡᠳᠡᠭᠡ ᠬᠠᠪᠢ ᠶᠢᠨ ᠭᠠᠵᠠᠷ ᠤᠷᠤᠨ ᠤ 2 ᠲᠦᠮᠡ ᠭᠠᠷᠤᠢ ᠮᠠᠯᠴᠢᠨ ᠲᠠᠷᠢᠶᠠᠴᠢᠨ ᠪᠤᠯᠤᠨ ᠵᠤᠭᠠᠴᠠᠭᠰᠠᠳ ᠢ ᠤᠭᠲᠤᠨ ᠠᠪᠤᠯ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号