ᠳᠣᠭᠠᠷ ᠤᠨ ᠳᠣᠬᠤᠢ ᠳᠣᠰᠬᠤᠨ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠢᠶᠠᠷ ᠣᠯᠠᠮᠵᠢᠯᠠᠯᠲᠣ ᠳᠠᠷᠢᠬᠤ ᠠᠷᠭ᠎ᠠ ᠮᠠᠶ᠋ᠢᠭ ᠢᠶᠠᠨ ᠰᠢᠨᠡᠳᠭᠡᠨ ᠬᠤᠪᠢᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2018-08-20
      ᠰᠢᠷᠬᠤᠰᠣᠨ ᠪᠠᠯᠭᠠᠰᠣᠨ ᠤ ᠳᠣᠭᠠᠷ ᠤᠨ ᠳᠣᠬᠤᠢ ᠳᠣᠰᠬᠤᠨ ᠨᠢ ᠠᠵᠣ ᠦᠢᠯᠡᠰ ᠤᠨ ᠪᠦᠲᠦᠴᠡ ᠳᠤ ᠪᠠᠨ ᠲᠤᠭᠢᠷᠠᠭᠤᠯᠤᠯᠳᠠ ᠭᠢᠵᠤ᠂ ᠺᠣᠮᠫᠠᠨᠢᠴᠢᠯᠠᠯᠲᠠ᠂ ᠬᠡᠪᠴᠢᠶᠡᠵᠢᠬᠦᠯᠦᠯᠲᠡ ᠶᠢᠨ ᠭᠡᠯᠪᠠᠷᠢ ᠪᠠᠷ ᠨᠠᠪᠴᠢ ᠨᠤᠭᠤᠭ᠎ᠠ ᠲᠠᠷᠢᠵᠤ ᠰᠢᠨ᠎ᠡ ᠲᠥᠷᠥᠯ ᠵᠥᠢᠯ᠂ ᠰᠢᠨ᠎ᠡ ᠮᠡᠷᠭᠡᠵᠢᠯ ᠢ ᠲᠤᠷᠰᠢᠨ ᠭᠡᠷᠡᠭᠯᠠᠵᠤ ᠤᠯᠠᠮᠵᠢᠯᠠᠯᠲᠤ ᠳᠠᠷᠢᠬᠤ ᠠᠷᠭ᠎ᠠ ᠮᠠᠶ᠋ᠢᠭ ᠢᠶᠠᠨ ᠰᠢᠨᠡᠳᠭᠡᠨ ᠬᠤᠪᠢᠷᠠᠭᠤᠯᠵᠣ ᠪᠠᠶᠢᠨ᠎ᠠ᠃      ᠰᠢᠷᠬᠤᠰᠣᠨ ᠪᠠᠯᠭᠠᠰᠣᠨ ᠤ ᠳᠣᠭᠠᠷ ᠤᠨ ᠳᠣᠬᠤᠢ ᠳᠣᠰᠬᠤᠨ ᠤ ᠠᠷᠠᠳ ᠤᠤᠯ ᠳᠠᠭᠠᠨ ᠡᠷᠳᠡᠨᠢ ᠰᠢᠰᠢ᠂ ᠳᠦᠮᠦᠰᠦ ᠳᠠᠷᠢᠳᠠᠭ ᠪᠠᠶᠢᠵᠠᠢ᠃ ᠡᠨᠡ ᠨᠢ ᠴᠠᠭ ᠲᠤ ᠭᠠᠮ ᠥᠭᠡᠢ ᠮᠦᠷᠳᠡᠭᠡᠨ ᠠᠰᠢᠭ ᠣᠷᠣᠯᠭ᠎ᠠ ᠪᠠᠷᠣᠭᠳᠠᠢ ᠪᠠᠶᠢᠪᠠ᠃ ᠨᠢᠳᠣᠨᠣᠨ ᠠᠴᠠ ᠲᠤᠰᠬᠤᠨ ᠨᠢ ᠠᠵᠣ ᠦᠢᠯᠡᠰ ᠤᠨ ᠪᠦᠲᠦᠴᠡ ᠳᠤ ᠳᠣᠬᠢᠷᠠᠭᠤᠯᠣᠯᠲᠠ ᠬᠢᠵᠦ᠂ ᠲᠦᠬᠦᠭᠡᠷᠦᠮᠵᠢᠲᠦ ᠳᠠᠷᠢᠶᠠᠯᠠᠩ ᠢ ᠭᠥᠭᠵᠢᠭᠦᠯᠵᠤ᠂ 1000 ᠭᠠᠷᠣᠢ ᠮᠣ᠋ ᠶᠢᠨ ᠬᠦᠯᠡᠮᠵᠢ ᠪᠠ ᠭᠠᠳᠠᠨ᠎ᠠ ᠳᠠᠷᠢᠭᠰᠠᠨ ᠢᠳᠡᠰᠢᠨ ᠨᠣᠭᠤᠭ᠎ᠠ ᠪᠠᠨ ᠣᠷᠳᠣᠰ ᠤᠨ ᠯᠢᠦᠢ ᠹᠧᠩ ᠠᠮᠢ ᠠᠬᠤᠢ ᠶᠢᠨ ᠳᠠᠷᠢᠶᠠᠯᠠᠩ ᠤᠨ ᠬᠢᠵᠠᠭᠠᠷᠲᠣ ᠺᠣᠮᠫᠠᠨᠢ ᠳᠤ ᠳᠠᠭᠠᠭᠠᠴᠢᠯᠠᠭᠤᠯᠵᠣ᠂ ᠺᠣᠮᠫᠠᠨᠢ ᠠᠴᠠ ᠰᠣᠶᠤᠭ᠎ᠠ ᠪᠠ ᠮᠡᠷᠭᠡᠵᠢᠯ ᠬᠠᠩᠭᠠᠵᠣ᠂ ᠮᠣ᠋ ᠪᠦᠷᠢ ᠳᠡᠭᠡᠨ 4000 ᠭᠠᠷᠣᠢ ᠵᠢᠩ ᠤᠨ ᠴᠡᠴᠡᠭᠲᠦ ᠴᠠᠭᠠᠨ ᠨᠣᠭᠤᠭ᠎ᠠ᠂ ᠲᠦᠮᠡ ᠢᠯᠡᠬᠦᠦ ᠵᠢᠩ ᠤᠨ ᠴᠣᠭᠤᠷ ᠨᠣᠭᠤᠭ᠎ᠠ ᠬᠤᠷᠢᠶᠠᠭᠰᠠᠨ ᠪᠠᠶᠢᠨ᠎ᠠ᠃ ᠡᠨᠡ ᠵᠢᠯ ᠤᠨ 6 ᠰᠠᠷ᠎ᠠ ᠳᠤ᠂ ᠺᠣᠮᠫᠠᠨᠢ ᠠᠴᠠ ᠦᠨᠳᠦᠷ ᠪᠠᠷᠢᠮᠵᠢᠶᠠᠲᠣ ᠴᠢᠬᠢ ᠪᠣᠶᠢᠵᠢᠭᠤᠯᠬᠤ ᠬᠦᠯᠡᠮᠵᠢ ᠪᠠᠶᠢᠭᠤᠯᠵᠣ ᠂ ᠬᠤᠶᠠᠷ ᠳᠠᠪᠬᠤᠷᠭᠠᠲᠣ ᠴᠢᠬᠢ ᠪᠣᠶᠢᠵᠢᠭᠤᠯᠬᠤ ᠰᠠᠭᠤᠷᠢᠨ ᠭᠠᠵᠠᠷ ᠲᠤ 200 ᠭᠠᠷᠣᠢ ᠮᠣ᠋ ᠴᠠᠴᠡᠭᠲᠣ ᠴᠠᠭᠠᠨ ᠨᠣᠭᠤᠭ᠎ᠠ ᠪᠠ ᠨᠣᠭᠤᠭᠠᠨ ᠴᠡᠴᠡᠭᠲᠣ ᠶᠢᠨ ᠴᠢᠬᠢ ᠪᠣᠶᠢᠵᠢᠭᠤᠯᠤᠭᠰᠠᠨ ᠪᠠᠶᠢᠨ᠎ᠠ᠃      ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠳᠣᠰ ᠭᠠᠵᠠᠷ ᠤᠨ ᠣᠯᠠᠨ ᠲᠦᠮᠡᠨ  ᠳᠤ ᠣᠷᠣᠯᠭ᠎ᠠ ᠪᠠᠨ ᠨᠡᠮᠡᠭᠳᠡᠬᠦᠯᠬᠦ ᠪᠠᠰᠠ ᠨᠢᠬᠡᠨ ᠳᠣᠬᠢᠶᠠᠯ ᠣᠯᠭᠤᠭᠰᠠᠨ ᠪᠠᠶᠢᠨ᠎ᠠ᠃ ᠳᠣᠰᠬᠤᠨ ᠤ ᠠᠷᠠᠳ ᠵᠠᠩ ᠽᠢ ᠼᠦᠢ ᠭᠤᠴᠢᠨ ᠮᠣ᠋ ᠭᠠᠵᠠᠷ ᠢᠶᠠᠨ ᠺᠣᠮᠫᠠᠨᠢ ᠳᠤ ᠳᠠᠭᠠᠭᠠᠴᠢᠯᠠᠭᠤᠯᠣᠭᠰᠠᠨ ᠠᠴᠠ ᠨᠢᠳᠦᠨᠦᠨ ᠳᠠᠪᠣᠨ ᠰᠠᠷ᠎ᠠ ᠶᠢᠨ ᠳᠣᠳᠣᠷ᠎ᠠ ᠬᠤᠶᠠᠷ ᠲᠦᠮᠡ ᠢᠯᠡᠬᠦᠦ ᠵᠣᠭᠤᠰ ᠣᠯᠣᠭᠰᠠᠨ ᠪᠠᠶᠢᠨ᠎ᠠ᠃ ᠳᠡᠬᠦᠨ ᠤ ᠬᠡᠯᠡᠬᠦ ᠪᠠᠷ ᠠᠳᠡ ᠠᠵᠢᠯᠯᠠᠬᠤ ᠨᠢ ᠬᠡᠷ ᠤᠨ ᠠᠵᠢᠯ ᠢᠶᠠᠨ ᠰᠠᠭᠠᠳᠠᠭᠠᠬᠤ ᠦᠬᠡᠢ ᠪᠦᠬᠡᠳ ᠪᠠᠰᠠ ᠬᠤᠶᠠᠷ ᠬᠤᠪᠢ ᠵᠣᠭᠤᠰ ᠣᠯᠴᠢᠬᠠᠨ᠎ᠠ᠂ ᠶᠡᠭᠡ ᠵᠦᠬᠡᠷ ᠪᠠᠶᠢᠨ᠎ᠠ ᠭᠡᠵᠤ ᠪᠠᠶᠢᠯ᠎ᠠ᠃ ᠳᠣᠭᠠᠷ ᠤᠨ ᠳᠣᠬᠤᠢ ᠳᠣᠰᠬᠤᠨ ᠰᠢᠨ᠎ᠡ ᠲᠥᠷᠥᠯ ᠵᠥᠢᠯ ᠰᠢᠨ᠎ᠡ ᠮᠡᠷᠭᠡᠵᠢᠯ ᠢᠶᠠᠷ ᠣᠯᠠᠮᠵᠢᠯᠠᠯᠲᠣ ᠳᠠᠷᠢᠬᠤ ᠠᠷᠭ᠎ᠠ ᠮᠠᠶ᠋ᠢᠭ ᠢᠶᠠᠨ ᠰᠢᠨᠡᠳᠭᠡᠨ ᠬᠤᠪᠢᠷᠠᠭᠤᠯᠵᠣ᠂ ᠳᠦᠬᠦᠬᠡᠷᠦᠮᠵᠢᠲᠦ ᠳᠠᠷᠢᠶᠠᠯᠠᠩ ᠨᠢ ᠰᠢᠨ᠎ᠡ ᠶᠢ ᠡᠬᠦᠳᠬᠦ ᠠᠶᠠᠨ ᠳᠠᠭᠠᠨ ᠳᠠᠰᠣᠷᠠᠯᠳᠠ ᠦᠬᠡᠢ ᠪᠣᠵᠠᠭᠠᠶᠢᠷᠠᠨ ᠬᠦᠭᠵᠢᠵᠦ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号