8 ᠰᠠᠷ᠎ᠠ ᠶᠢᠨ16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ | ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠶᠢᠨ ᠪᠠᠶᠢᠭᠤᠯᠤᠯᠲᠠ ᠶᠢᠨ ᠠᠬᠢᠴᠠ ᠪᠠ | ᠭᠠᠴᠠᠭ᠎ᠠ ᠲᠤᠰᠬᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠨᠠᠨ ᠵᠢᠯᠤᠭᠤᠳᠤᠯᠭ᠎ᠠ ᠬᠢᠪᠡ᠃ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ | ᠹᠧᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ | ᠰᠤᠳᠤᠯᠤᠯᠲᠠ ᠬᠢᠪᠡ ᠃ | | | | | ᠡᠷᠳᠡᠨᠢᠪᠢᠯᠢᠭ ᠨᠠᠷ ᠭᠠᠯᠠᠭᠤᠲᠤ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠳᠤ ᠤᠴᠢᠨ | ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠵᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠢ ᠠᠮᠤᠷ ᠳᠦᠪᠰᠢᠨ ᠦᠢᠯᠡᠳᠪᠦᠷᠢᠯᠡᠬᠦ ᠶᠢ | ᠪᠠᠲᠤᠯᠠᠭᠰᠠᠨ ᠪᠠᠶᠢᠳᠠᠯ ᠲᠤᠤᠷ᠎ᠠ ᠪᠠᠷᠢᠯᠭ᠎ᠠ ᠶᠢᠨ ᠠᠬᠢᠴᠠ ᠶᠢ ᠲᠦᠷᠭᠡᠳᠬᠡᠵᠤ᠂ ᠴᠢᠨᠠᠷ ᠪᠠ ᠬᠡᠮᠵᠢᠶ᠎ᠡ ᠶᠢ ᠪᠠᠲᠤᠯᠠᠨ | ᠴᠠᠭ ᠤᠨ ᠠᠬᠢᠴᠠ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢ ᠳᠠᠭᠤᠰᠬᠠᠬᠤ ᠬᠡᠷᠡᠭᠲᠠᠢ ᠭᠡᠵᠤ | ᠱᠠᠭᠠᠷᠳᠠᠪᠠ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠠᠯᠠᠭᠤᠲᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ | ᠤᠨ ᠲᠦᠷᠦᠯ ᠵᠦᠢᠯ ᠪᠤᠯ ᠪᠠᠯᠭᠠᠰᠤᠨ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ | ᠠᠵᠢᠯ ᠤᠨ ᠴᠢᠬᠤᠯᠠ ᠪᠤᠯᠬᠤ ᠲᠦᠬᠦᠭᠡᠷᠦᠮᠵᠢ᠂ ᠨᠡᠩ ᠴᠦ ᠨᠢᠭᠡ ᠲᠦᠷᠦᠯ ᠤᠨ ᠴᠢᠬᠤᠯᠠ ᠶᠡᠭᠡ ᠤᠷᠴᠢᠨ ᠲᠤᠭᠤᠷᠢᠨ | ᠢ ᠬᠠᠮᠠᠭᠠᠯᠠᠬᠤ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ ᠲᠦᠷᠦᠯ ᠵᠦᠢᠯ ᠤᠨ ᠪᠠᠷᠢᠯᠭ᠎ᠠ | ᠶᠢ ᠪᠤᠯᠪᠠᠰᠤᠨ ᠡᠮᠬᠢ ᠲᠢᠭᠯᠢᠮ ᠲᠠᠢ᠂ ᠦᠨᠳᠦᠷ ᠱᠠᠭᠠᠷᠳᠠᠯᠭ᠎ᠠ᠂ ᠴᠢᠨᠠᠷ ᠰᠠᠶᠢᠲᠠᠢ᠂ ᠦᠨᠳᠦᠷ ᠦᠷ᠎ᠡ ᠪᠦᠲᠦᠮᠵᠢᠲᠠᠢ | ᠪᠠᠷ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠠᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ | ᠨᠢᠭᠲᠠ ᠬᠠᠮᠵᠢᠯᠴᠠᠵᠤ᠂ ᠵᠤᠬᠢᠴᠠᠭᠤᠯᠤᠨ ᠠᠵᠢᠯᠯᠠᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠮᠤᠷ | ᠳᠦᠪᠰᠢᠨ ᠡᠵᠡᠩᠨᠡᠯᠲᠡ ᠳᠤ ᠰᠢᠯᠢᠳᠡᠭ ᠰᠠᠶᠢᠨ ᠦᠢᠯᠡᠴᠢᠯᠡᠭᠡ ᠬᠠᠩᠭᠠᠬᠤ ᠬᠡᠷᠡᠭᠲᠠᠢ᠃ ᠭᠠᠯᠠᠭᠤᠲᠤ ᠪᠤᠵᠠᠷ ᠤᠰᠤ | ᠰᠢᠢᠳᠪᠦᠷᠢᠯᠡᠬᠦ ᠦᠢᠯᠡᠳᠪᠦᠷᠢ ᠨᠢ ᠪᠠᠯᠭᠠᠰᠤᠨ ᠲᠤᠭᠤᠷᠢᠭ ᠤᠨ ᠠᠷᠠᠳ ᠲᠦᠮᠡᠨ ᠳᠤ ᠰᠢᠯᠢᠳᠡᠭ ᠰᠠᠶᠢᠨ ᠦᠢᠯᠡᠴᠢᠯᠡᠭᠡ | ᠬᠠᠩᠭᠠᠵᠤ᠂ ᠬᠠᠮᠢᠶ᠎ᠠ ᠪᠦᠬᠦᠢ ᠤᠷᠴᠢᠨ ᠲᠤᠭᠤᠷᠢᠨ ᠢ ᠬᠠᠮᠠᠭᠠᠯᠠᠬᠤ ᠲᠦᠬᠦᠷ ᠳᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠲᠡᠷᠢᠭᠦᠨ ᠤ ᠤᠶᠢᠯᠠᠭᠠᠭᠳᠠᠬᠤᠨ ᠢᠶᠠᠷ ᠴᠡᠴᠡᠷᠯᠢᠭᠵᠢᠭᠰᠡᠨ᠂ ᠰᠢᠨᠵᠢᠯᠡᠬᠦ ᠮᠡᠷᠭᠡᠵᠢᠯ | ᠢᠶᠠᠷ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ ᠠᠷᠠᠳ ᠲᠦᠮᠡᠨ ᠬᠠᠨᠤᠮᠵᠢᠲᠠᠢ ᠪᠠᠶᠢᠬᠤ | ᠢᠨᠵᠧᠨᠧᠷᠢᠩ ᠢ ᠪᠠᠶᠢᠭᠤᠯᠵᠤ᠂ ᠪᠠᠯᠭᠠᠰᠤᠨ ᠲᠤᠭᠤᠷᠢᠭ ᠤᠨ ᠠᠮᠢ ᠠᠬᠤᠢ ᠤᠷᠴᠢᠨ ᠲᠤᠭᠤᠷᠢᠨ ᠢ ᠰᠢᠯᠢᠳᠡᠭᠵᠢᠬᠦᠯᠦᠨ | ᠳᠦᠷᠢ ᠲᠦᠷᠬᠦ ᠶᠢ ᠳᠡᠭᠡᠭᠰᠢᠯᠡᠬᠦᠯᠬᠦ ᠳᠤ ᠢᠳᠡᠪᠬᠢᠲᠠᠢ ᠬᠤᠪᠢ ᠨᠡᠮᠡᠷᠢ ᠦᠵᠡᠭᠦᠯᠬᠦ ᠬᠡᠷᠡᠭᠲᠠᠢ ᠬᠡᠪᠡ᠃ | | | | | | | | ᠡᠷᠳᠡᠨᠢᠪᠢᠯᠢᠭ ᠨᠠᠷ ᠪᠠᠶᠠᠠᠭᠤᠤᠯ ᠭᠠᠴᠠᠭᠠᠨ ᠤ ᠤᠩᠭᠤᠨ ᠲᠠᠯ᠎ᠠ ᠬᠤᠷᠰᠢᠶᠠᠵᠢᠯ ᠳᠤ ᠬᠦᠷᠴᠤ ᠬᠤᠷᠰᠢᠶᠠᠵᠢᠯ | ᠤᠨ ᠮᠢᠬᠠᠨ ᠢᠳᠡᠭᠡᠨ ᠦᠢᠯᠡᠳᠪᠦᠷᠢᠯᠡᠨ ᠪᠤᠯᠪᠠᠰᠤᠷᠠᠭᠤᠯᠬᠤ ᠶᠠᠪᠤᠴᠠ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ | ᠢ ᠤᠶᠢᠯᠠᠭᠠᠭᠰᠠᠨ ᠤ ᠲᠠᠷᠠᠭ᠎ᠠ ᠬᠤᠷᠰᠢᠶᠡᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠮᠠᠶ᠋ᠢᠭ ᠲᠤ | ᠬᠦᠢᠴᠡᠳ ᠨᠤᠲᠠᠯᠠᠯᠲᠠ ᠦᠭᠴᠦ ᠬᠤᠷᠰᠢᠶᠡᠵᠢᠯ ᠢ ᠮᠠᠯᠴᠢᠨ ᠲᠠᠷᠢᠶᠠᠴᠢᠨ ᠤ ᠬᠤᠷᠰᠢᠶᠡᠵᠢᠯ ᠤᠨ ᠲᠤᠭᠲᠠᠯᠴᠠᠭ᠎ᠠ | ᠪᠠᠶᠢᠭᠤᠯᠤᠯ ᠤᠨ ᠰᠢᠨ᠎ᠡ ᠡᠭᠦᠳᠦᠯᠲᠡ ᠶᠢ ᠵᠤᠷᠢᠭᠲᠠᠢ ᠬᠠᠶᠢᠨ ᠰᠦᠪᠡᠭᠴᠢᠯᠡᠵᠤ ᠬᠡᠪᠴᠢᠶᠡᠵᠢᠭᠰᠡᠨ ᠦᠢᠯᠡᠳᠪᠦᠷᠢᠯᠡᠯ | ᠡᠵᠡᠩᠨᠡᠯᠲᠡ ᠶᠢᠨ ᠵᠠᠮ ᠢᠶᠠᠷ ᠵᠠᠮᠨᠠᠨ ᠤᠶᠢᠷ᠎ᠠ ᠬᠠᠪᠢ ᠶᠢᠨ ᠮᠠᠯᠴᠢᠨ ᠲᠠᠷᠢᠶᠠᠴᠢᠨ ᠨᠡᠩ ᠢᠯᠠᠩᠭᠤᠶ᠎ᠠ ᠶᠠᠳᠠᠭᠤ ᠡᠷᠦᠭᠡ | ᠶᠢ ᠲᠠᠶᠢᠴᠢᠯᠠᠨ ᠬᠠᠮᠲᠤᠪᠡᠷ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠵᠤᠷᠢᠭᠵᠢᠭᠤᠯᠤᠭᠰᠠᠨ ᠪᠠᠶᠢᠨ᠎ᠠ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ ᠶᠠᠳᠠᠭᠤ ᠶᠢ ᠳᠡᠳᠭᠦᠵᠤ ᠪᠤᠭᠤᠮᠲᠠ ᠰᠢᠪᠲᠤᠯᠬᠤ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠪᠠ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠭᠠᠴᠠᠭ᠎ᠠ ᠲᠤᠰᠬᠤᠨ ᠤ ᠶᠡᠷᠦᠩᠬᠡᠢ ᠲᠦᠯᠦᠪᠵᠢᠭᠦᠯᠭᠡ᠂ ᠠᠵᠤ | ᠦᠢᠯᠡᠰ ᠤᠨ ᠪᠠᠶᠢᠷᠢᠯᠠᠯ ᠢ ᠢᠳᠠᠪᠬᠢᠲᠠᠢ ᠰᠦᠪᠡᠭᠴᠢᠯᠡᠨ ᠲᠦᠯᠦᠪᠯᠡᠵᠤ ᠬᠤᠷᠰᠢᠶᠡᠵᠢᠯ ᠢᠶᠠᠷ ᠲᠤᠯᠤᠭᠠᠶᠢᠯᠠᠭᠤᠯᠤᠨ | ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠤ ᠦᠵᠡᠰᠬᠦᠯᠡᠩᠲᠤ | ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠬᠡᠷᠡᠭᠲᠠᠢ ᠬᠡᠪᠡ᠃ | | | | | ᠪᠠᠶᠢᠴᠠᠭᠠᠨ ᠰᠤᠳᠤᠯᠤᠯᠲᠠ ᠳᠤ ᠡᠷᠳᠡᠨᠢᠪᠢᠯᠢᠭ ᠨᠠᠷ ᠤᠷᠳᠤᠰ ᠬᠤᠲᠠ ᠶᠢᠨ ᠰᠤᠶᠤᠯ ᠵᠢᠭᠤᠯᠴᠢᠯᠠᠯ ᠤᠨ | ᠬᠦᠭᠵᠢᠬᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠳ ᠲᠠᠢ ᠤᠯᠤᠰ ᠤᠨ ᠳᠡᠰ ᠤᠨ | ᠤᠩᠭᠤᠨ ᠮᠠᠩᠬ᠎ᠠ ᠡᠯᠡᠰᠦᠨ ᠴᠦᠯ ᠤᠨ ᠴᠡᠴᠡᠷᠯᠢᠭ ᠲᠤ ᠪᠠᠶᠢᠴᠠᠭᠠᠨ ᠰᠤᠳᠤᠯᠤᠯᠲᠠ ᠬᠢᠪᠡ᠃ | | |