8 ᠰᠠᠷ᠎ᠠ ᠶᠢᠨ 14 ᠤ ᠡᠳᠦᠷ ᠮᠠᠨ ᠤ ᠬᠤᠰᠢᠭᠤᠨ ᠤ ᠷᠠᠳᠢᠤ᠋ ᠲᠧᠯᠸᠢᠰ ᠤᠨ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷᠴᠣᠳ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠦᠪ ᠢ ᠲᠣᠭᠤᠷᠢᠨ ᠦᠵᠡᠭᠰᠡᠨ ᠪᠠᠶᠢᠨ᠎ᠠ᠃ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ ᠣᠷᠢᠳ ᠬᠤᠵᠢᠳ ᠷᠠᠳᠢᠤ᠋ ᠲᠧᠯᠸᠢᠰ ᠦᠢᠯᠡᠴᠢᠯᠡᠭᠡᠨ ᠤ | ᠲᠦᠪ ᠤᠨ ᠰᠣᠨᠢᠨ ᠮᠡᠳᠡᠭᠡ ᠰᠢᠩᠭᠡᠭᠡᠨ ᠨᠡᠪᠲᠡᠷᠡᠭᠦᠯᠬᠦ ᠲᠠᠰᠤᠭ᠂ ᠲᠧᠯᠸᠢᠰ ᠨᠡᠪᠲᠡᠷᠡᠭᠦᠯᠭᠡ ᠶᠢᠨ ᠡᠵᠡᠮᠳᠡᠯ ᠤᠨ ᠲᠦᠪ | ᠵᠠᠷᠭᠡ ᠭᠠᠵᠠᠷ ᠢᠶᠠᠷ ᠬᠦᠷᠴᠦ ᠷᠠᠳᠢᠤ᠋ ᠲᠧᠯᠸᠢᠰ ᠤᠨ ᠫᠷᠦᠭᠷᠠᠮ ᠦᠢᠯᠡᠳᠬᠦ ᠨᠡᠪᠲᠡᠷᠡᠭᠦᠯᠬᠦ ᠵᠡᠷᠭᠡ ᠪᠠᠶᠢᠳᠠᠯ ᠢ ᠨᠠᠷᠢᠨ | ᠣᠶᠢᠯᠠᠭᠠᠵᠤ ᠮᠠᠨ ᠤ ᠬᠤᠰᠢᠭᠤᠨ ᠤ ᠷᠠᠳᠢᠤ᠋ ᠲᠧᠯᠸᠢᠰ ᠤᠨ ᠦᠢᠯᠡᠰ ᠤᠨ ᠬᠦᠭᠵᠢᠯᠲᠡ ᠳᠤ ᠬᠦᠢᠴᠡᠳ ᠨᠤᠳᠠᠯᠠᠯᠲᠠ | ᠦᠭᠭᠦᠭᠰᠡᠨ ᠤ ᠬᠠᠮᠲᠣ ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠦᠪ ᠨᠢ ᠮᠠᠨ ᠤ ᠬᠤᠰᠢᠭᠤᠨ ᠤ ᠤᠯᠠᠨ | ᠲᠦᠮᠡᠨᠴᠢ ᠰᠣᠶᠣᠯ ᠦᠢᠯᠡᠴᠢᠯᠡᠭᠡᠨ ᠤ ᠭᠤᠣᠯᠳᠠᠯᠭᠠᠲᠣ ᠪᠠᠶᠢᠭᠤᠯᠣᠮᠵᠢ ᠪᠠᠶᠢᠵᠤ ᠮᠠᠨ ᠤ ᠬᠤᠰᠢᠭᠤᠨ ᠤ ᠷᠠᠳᠢᠤ᠋ | ᠲᠧᠯᠸᠢᠰ ᠤᠨ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠵᠤ ᠪᠤᠢ ᠭᠡᠵᠦ ᠦᠵᠡᠪᠡ᠃ | ᠲᠣᠭᠤᠷᠢᠨ ᠦᠵᠡᠭᠰᠡᠨ ᠤ ᠳᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠵᠤ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷᠴᠣᠳ ᠦᠩᠬᠡᠷᠡᠭᠰᠡᠨ ᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭᠰᠠᠨ ᠴᠠᠭ ᠦᠶ᠎ᠡ ᠪᠠᠨ | ᠡᠷᠭᠢᠴᠡᠭᠦᠯᠵᠦ᠂ ᠰᠢᠨᠵᠢᠯᠡᠭᠡ ᠮᠡᠷᠭᠡᠵᠢᠯ ᠤᠨ ᠲᠠᠪᠰᠢᠯᠲᠠ ᠪᠤᠯᠤᠨ ᠴᠠᠭ ᠦᠶ᠎ᠡ ᠶᠢᠨ ᠬᠦᠭᠵᠢᠯᠲᠡ ᠶᠢᠨ ᠠᠪᠴᠢᠷᠠᠭᠰᠠᠨ | ᠮᠡᠳᠡᠭᠡ ᠵᠠᠭᠤᠴᠢᠯᠠᠭᠤᠷ ᠤᠨ ᠶᠡᠭᠡ ᠬᠦᠭᠵᠢᠯᠲᠡ᠂ ᠶᠡᠭᠡ ᠬᠤᠪᠢᠷᠠᠯᠲᠠ ᠶᠢ ᠮᠠᠭᠳᠠᠨ ᠰᠠᠶᠢᠰᠢᠶᠠᠭᠰᠠᠨ ᠤ ᠬᠠᠮᠲᠤ | ᠬᠤᠰᠢᠭᠤ ᠷᠠᠳᠢᠤ᠋ ᠲᠧᠯᠸᠢᠰ ᠤᠨ ᠦᠢᠯᠡᠰ ᠤᠨ ᠬᠦᠭᠵᠢᠯᠲᠡ ᠳᠤ ᠥᠪᠠᠷ ᠥᠪᠠᠷ ᠤᠨ ᠡᠷᠬᠢᠮ ᠨᠠᠨᠳᠢᠨ ᠰᠠᠨᠠᠯ | ᠰᠠᠨᠠᠭᠤᠯᠭ᠎ᠠ ᠪᠠᠨ ᠳᠠᠪᠰᠢᠬᠦᠯᠵᠡᠢ᠃ | ᠬᠤᠷᠠᠯ ᠤᠨ ᠲᠠᠷᠠᠭ᠎ᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ ᠪᠠᠰᠠ ᠨᠤᠮ ᠤᠨ ᠤᠪᠤᠭ᠎ᠠ | ᠪᠤᠯᠤᠨ ᠤᠯᠠᠭᠠᠠᠳᠤᠯᠤᠭᠠᠢ ᠲᠠᠮᠵᠢᠭᠤᠯᠬᠤ ᠥᠷᠳᠡᠭᠡ ᠪᠠᠷ ᠲᠤᠭᠤᠷᠢᠨ ᠥᠵᠡᠭᠰᠠᠨ ᠪᠠᠶᠢᠨ᠎ᠠ᠃ |