ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠤᠷᠭᠠᠨ ᠬᠦᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-08-20
     8 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ ᠪᠠᠯᠭᠠᠰᠤᠨ ᠳᠤ ᠬᠦᠷᠴᠦ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠳᠤ ᠪᠠᠶᠢᠴᠠᠭᠠᠨ ᠰᠣᠳᠣᠯᠣᠯᠲᠠ ᠬᠢᠭᠰᠡᠨ ᠪᠠᠶᠢᠨ᠎ᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠣᠯᠣᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠠᠯᠪᠠᠨ ᠭᠡᠷ ᠤᠨ ᠡᠷᠬᠢᠯᠡᠭᠴᠢ ᠵᠤᠤ ᠶᠥᠩ ᠹᠧᠩ᠂ ᠠᠷᠠᠳ ᠤᠨ ᠵᠠᠰᠠᠭ ᠤᠨ ᠤᠷᠳᠣᠨ ᠤ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠳᠠᠷᠤᠭ᠎ᠠ ᠪᠠᠶᠠᠨᠴᠡᠩᠬᠡᠯ ᠵᠢᠴᠢ ᠭᠠᠯᠠᠭᠤᠲᠤ ᠪᠠᠯᠭᠠᠰᠤ᠂ ᠬᠤᠰᠢᠭᠤ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠬᠡᠲᠤ ᠬᠦᠩᠭᠡᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ
     ᠡᠷᠳᠡᠨᠢᠪᠢᠯᠢᠭ ᠨᠠᠷ ᠬᠤᠰᠢᠭᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠡᠷᠭᠡ ᠲᠤᠬᠠᠢ ᠶᠢᠨ ᠭᠠᠵᠠᠷ ᠢᠶᠠᠷ ᠠᠰᠠᠭᠤᠨ ᠰᠤᠷᠪᠤᠯᠵᠢᠯᠠᠪᠠ᠃ ᠡᠷᠳᠡᠨᠢᠪᠢᠯᠢᠭ ᠲᠤᠬᠠᠢ ᠶᠢᠨ ᠭᠠᠵᠠᠷ ᠪᠣᠯᠭᠠᠨ ᠤ ᠰᠤᠷᠭᠠᠭᠤᠯᠢ ᠡᠷᠬᠢᠯᠡᠬᠦ ᠰᠡᠳᠬᠢᠴᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠨ ᠬᠦᠮᠦᠵᠢᠯ  ᠤᠨ ᠡᠬᠢ ᠪᠠᠶᠠᠯᠢᠭ ᠤᠨ ᠲᠤᠬᠢᠷᠠᠭᠤᠯᠤᠯᠲᠠ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠬᠤᠶᠢᠰᠢᠳᠠ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠬᠦᠭᠵᠢᠯᠳᠡ ᠳᠤ ᠨᠠᠨᠳᠢᠨ ᠬᠦᠰᠡᠯ ᠪᠤᠯᠤᠨ ᠲᠤᠳᠤᠷᠬᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃
     ᠰᠤᠷᠭᠠᠭᠤᠯᠢ ᠡᠷᠬᠢᠯᠡᠬᠦ ᠬᠢᠷᠢ ᠲᠦᠪᠰᠢᠨ ᠢᠶᠠᠨ ᠲᠡᠭᠡᠭᠰᠢᠯᠡᠭᠦᠯᠬᠦ ᠲᠤᠬᠠᠢ ᠡᠷᠳᠡᠨᠢᠪᠢᠯᠢᠭ ᠱᠠᠭᠠᠷᠳᠠᠬᠤ ᠳᠤ ᠪᠠᠨ ᠂ ᠰᠤᠷᠭᠠᠨ ᠬᠦᠮᠦᠵᠢᠯ ᠪᠤᠯ ᠠᠷᠠᠳ ᠤᠨ ᠠᠮᠢᠳᠤᠷᠠᠯ ᠤᠨ ᠲᠡᠷᠢᠬᠦᠨ ᠴᠢᠬᠤᠯᠠ ᠶᠠᠪᠤᠳᠠᠯ ᠪᠠᠶᠢᠵᠤ᠂ ᠠᠶᠢᠯ ᠡᠷᠤᠬᠡ ᠪᠤᠯᠭᠠᠨ ᠳᠤ ᠬᠤᠯᠪᠤᠭᠳᠠᠨ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠡᠷᠬᠢᠯᠡᠬᠦ ᠳᠤ ᠬᠠᠷᠢᠭᠤᠴᠠᠯᠭ᠎ᠠ ᠬᠦᠨᠲᠦ ᠴᠢᠬᠤᠯᠠ ᠶᠤᠮ᠃ ᠪᠠᠭᠰᠢ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠬᠤ ᠶᠠᠰᠤ ᠴᠢᠨᠠᠷ᠂ ᠪᠠᠭᠰᠢ ᠶᠢᠨ ᠶᠡᠷᠤᠩᠭᠡᠢ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠳᠡᠭᠡᠷ᠎ᠡ ᠤᠶᠤᠨ ᠴᠢᠳᠠᠪᠤᠷᠢ  ᠪᠠᠨ ᠲᠦᠪᠯᠡᠷᠡᠭᠦᠯᠵᠤ᠂ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠤ᠂ ᠦᠪᠡᠷᠮᠢᠴᠡ ᠤᠨᠴᠠᠯᠢᠭᠲᠤ ᠰᠤᠷᠭᠠᠭᠤᠯᠢ ᠶᠢ ᠪᠦᠲᠦᠭᠡᠨ ᠪᠠᠶᠢᠭᠤᠯᠵᠤ᠂ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠢᠯᠢᠳᠡᠭ ᠰᠤᠷᠭᠠᠨ ᠬᠦᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠠᠢ᠃ ᠰᠢᠯᠢᠳᠡᠭ ᠴᠢᠳᠠᠪᠤᠷᠢᠳᠠᠨ ᠢ ᠢᠳᠡᠪᠬᠢᠲᠠᠢ ᠪᠠᠷ ᠤᠷᠤᠭᠤᠯᠵᠤ᠂ ᠪᠠᠭᠰᠢ ᠨᠠᠷ ᠤᠨ ᠦᠵᠡᠯ ᠰᠠᠨᠠᠭ᠎ᠠ ᠶᠤᠰᠤ ᠰᠤᠷᠲᠠᠬᠤᠨ᠂ ᠵᠢᠭᠠᠨ ᠰᠤᠷᠭᠠᠬᠤ ᠮᠡᠷᠭᠡᠵᠢᠯ ᠵᠡᠷᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠬᠦᠮᠦᠵᠢᠭᠦᠯᠦᠨ ᠦᠢᠯᠡᠳᠦᠯᠭᠡᠵᠢᠭᠦᠯᠬᠦ ᠪᠠᠷ ᠭᠤᠤᠯ ᠡᠭᠦᠷᠭᠡ ᠪᠠᠨ ᠪᠤᠯᠭᠠᠨ ᠲᠤᠤᠱᠯᠠᠭᠤᠯᠤᠨ ᠤᠶᠠᠯᠳᠤᠭᠤᠯᠵᠤ ᠠᠭᠤᠰᠤᠯᠴᠠᠭᠤᠯᠬᠤ᠂ ᠨᠠᠷᠢᠯᠢᠭᠵᠢᠭᠤᠯᠤᠨ ᠪᠤᠳᠠᠲᠠᠶᠢᠵᠢᠭᠤᠯᠬᠤ ᠳᠡᠭᠡᠷ᠎ᠡ ᠬᠦᠴᠤ ᠲᠠᠯᠪᠢᠬᠤ ᠬᠡᠷᠡᠭᠲᠠᠢ᠃ ᠵᠠᠯᠠᠭᠤ ᠪᠠᠭᠠᠴᠤᠳ ᠤᠨ ᠶᠤᠰᠤ ᠮᠤᠷᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠬᠦᠮᠦᠵᠢᠯ ᠢ ᠴᠢᠩᠭᠠᠳᠬᠠᠨ᠂ ᠰᠤᠷᠭᠠᠭᠤᠯᠢ ᠶᠢᠨ ᠬᠦᠮᠦᠵᠢᠯ᠂ ᠭᠡᠷ ᠤᠨ ᠬᠦᠮᠦᠵᠢᠯ᠂ ᠨᠡᠶᠢᠬᠡᠮ ᠤᠨ ᠬᠦᠮᠦᠵᠢᠯ ᠢ ᠬᠠᠷᠢᠯᠴᠠᠨ ᠵᠤᠬᠢᠴᠠᠭᠤᠯᠤᠨ ᠬᠦᠭᠵᠢᠭᠦᠯᠬᠦ ᠶᠢ ᠠᠬᠢᠭᠤᠯᠵᠤ᠂ ᠦᠷᠭᠡᠨ ᠤᠯᠠᠨ ᠵᠠᠯᠠᠭᠤᠴᠤᠳ ᠪᠠᠭᠠᠴᠤᠳ ᠤᠨ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠬᠤ ᠶᠢ ᠬᠠᠪᠰᠤᠷᠬᠤ ᠬᠡᠷᠡᠭᠲᠠᠢ᠃ ᠰᠤᠷᠭᠠᠭᠤᠯᠢ ᠶᠢᠨ ᠬᠦᠮᠦᠵᠢᠯ ᠢᠶᠠᠷ ᠭᠡᠷ ᠪᠦᠯᠢ ᠶᠢᠨ ᠬᠦᠮᠦᠵᠢᠯ ᠢ ᠳᠠᠶᠢᠴᠢᠯᠠᠨ ᠳᠠᠭᠠᠭᠤᠯᠵᠤ᠂ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠢ ᠬᠠᠮᠲᠤᠪᠡᠷ ᠬᠦᠴᠦᠯᠡᠨ ᠠᠬᠢᠭᠤᠯᠵᠤ᠂ ᠨᠡᠶᠢᠬᠡᠮ ᠤᠨ ᠵᠦᠪ ᠡᠨᠧᠷᠭᠢ ᠶᠢ ᠲᠦᠭᠡᠮᠡᠯᠵᠢᠭᠦᠯᠬᠦ ᠬᠡᠷᠡᠭᠲᠠᠢ ᠬᠡᠪᠡ᠃
     ᠡᠷᠳᠡᠨᠢᠪᠢᠯᠢᠭ ᠨᠠᠷ ᠬᠤᠰᠢᠭᠤ ᠮᠤᠩᠭᠤᠯ ᠡᠮ ᠡᠮᠨᠡᠯᠭᠡ ᠶᠢᠨ ᠶᠡᠷᠤᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠣᠯᠠᠨ ᠲᠦᠮᠡᠨ ᠤ ᠡᠪᠡᠳᠴᠢᠨ ᠦᠵᠡᠬᠦᠯᠬᠦ᠂ ᠡᠮᠨᠡᠯᠭᠡ ᠶᠢᠨ ᠬᠤᠷᠢᠶᠠᠨ ᠤ ᠡᠷᠬᠢᠯᠲᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠠᠶᠢᠨ᠎ᠠ᠃ ᠡᠷᠳᠡᠨᠢᠪᠢᠯᠢᠭ ᠱᠠᠭᠠᠷᠳᠠᠬᠤ ᠳᠠᠭᠠᠨ᠂ ᠰᠢᠯᠭᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠨ ᠣᠯᠠᠮ ᠨᠢᠭᠡ ᠠᠯᠬᠤᠮ ᠲᠡᠭᠦᠯᠳᠡᠷᠵᠢᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠠ  ᠶᠢ ᠲᠦᠷᠭᠡᠳᠬᠡᠨ ᠠᠬᠢᠭᠤᠯᠵᠦ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠳᠡᠭᠡᠭᠰᠢᠯᠡᠯᠲᠡ᠂ ᠬᠠᠮᠢᠶᠠᠷᠤᠯᠲᠠ ᠶᠢᠨ ᠰᠢᠰᠲ᠋ᠧᠮ ᠢ ᠳᠡᠭᠦᠯᠳᠡᠷᠵᠢᠬᠦᠯᠬᠦ ᠶᠢ ᠦᠨᠡᠨ ᠪᠤᠳᠠᠳᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠲᠤᠰ ᠪᠡᠶ᠎ᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠢᠷᠢ ᠲᠦᠪᠰᠢᠨ ᠢᠶᠠᠨ ᠦᠷᠬᠦᠯᠵᠢᠯᠡᠨ ᠲᠡᠭᠦᠯᠳᠡᠷᠵᠢᠬᠦᠯᠦᠨ ᠳᠡᠭᠡᠭᠰᠢᠯᠡᠬᠦᠯᠵᠦ᠂ ᠠᠯᠤᠰ ᠵᠠᠢ ᠶᠢᠨ ᠡᠮᠴᠢᠯᠡᠭᠡᠨ ᠤ ᠬᠠᠮᠲᠤᠷᠠᠨ ᠠᠵᠢᠯᠯᠠᠬᠤ ᠶᠢ ᠢᠳᠡᠪᠬᠢᠲᠡᠢ ᠥᠷᠨᠢᠬᠦᠯᠦᠨ᠂ ᠲᠡᠷᠢᠬᠦᠨ ᠤ ᠲᠤᠷᠰᠢᠯᠭ᠎ᠠ ᠪᠤᠯᠤᠨ ᠠᠷᠭ᠎ᠠ ᠪᠠᠷᠢᠯ ᠢ ᠰᠤᠷᠤᠯᠴᠠᠵᠤ᠂ ᠳᠡᠭᠡᠲᠤ ᠵᠡᠷᠭᠡ ᠶᠢᠨ ᠡᠮᠴᠢ ᠣᠷᠢᠨ ᠮᠠᠨ ᠤ ᠬᠤᠰᠢᠭᠤᠨ ᠳᠤ ᠡᠮᠴᠢᠯᠡᠭᠡ ᠬᠢᠯᠭᠡᠵᠤ ᠣᠯᠠᠨ ᠲᠦᠮᠡᠨ ᠤ ᠡᠪᠡᠳᠴᠢᠨ ᠦᠵᠡᠬᠦᠯᠵᠦ ᠡᠮᠴᠢᠯᠡᠬᠦᠯᠬᠦ ᠪᠦᠲᠦᠮᠵᠢ ᠶᠢ ᠳᠡᠭᠡᠭᠰᠢᠯᠡᠭᠦᠯᠦᠨ ᠣᠯᠠᠨ ᠨᠡᠶᠢᠲᠡ ᠪᠠᠷ ᠢᠶᠠᠨ ᠬᠠᠨᠤᠮᠵᠢᠲᠠᠢ ᠡᠮᠴᠢᠯᠡᠭᠡ ᠶᠢ ᠪᠡᠶᠡᠯᠡᠬᠦᠯᠵᠦ ᠡᠷᠡᠬᠦᠯ ᠡᠩᠬᠡ ᠦᠦᠰᠢᠨ᠂ ᠵᠤᠯ ᠵᠢᠷᠭᠠᠯᠲᠤ ᠦᠦᠰᠢᠨ ᠢ ᠴᠢᠷᠮᠠᠶᠢᠨ ᠪᠦᠲᠦᠬᠡᠨ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号