ᠵᠠᠯᠠᠭᠤᠴᠤᠳ ᠤᠨ ᠪᠤᠯᠪᠠᠰᠤᠨ ᠤ ᠬᠤᠰᠢᠭᠤᠴᠢ ᠶᠢᠨ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ | ᠠᠵᠢᠯ ᠮᠡᠷᠭᠡᠵᠢᠯ ᠤᠨ ᠪᠤᠯᠪᠠᠰᠤᠨ ᠤ ᠴᠠᠭ ᠦᠶ᠎ᠡ ᠶᠢᠨ ᠭᠡᠪ ᠰᠤᠷᠳᠠᠯ ᠢ ᠰᠠᠨᠠᠭᠠᠴᠢᠯᠠᠨ᠂ ᠲᠦᠷᠢᠮᠵᠢᠭᠰᠡᠨ | ᠦᠢᠯᠡᠴᠢᠯᠡᠭᠡᠨ ᠤ ᠴᠤᠩᠬᠤᠪᠴᠢ ᠶᠢ ᠢᠳᠡᠪᠬᠢᠳᠠᠢ ᠪᠠᠶᠢᠭᠤᠯᠬᠤ ᠶᠢᠨ ᠲᠦᠯᠦᠭᠡ ᠤᠷᠴᠢᠮ ᠤᠨ ᠡᠳᠤᠷ ᠬᠤᠰᠢᠭᠤ | ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠤᠯᠠᠨ ᠵᠦᠢᠯ ᠤᠨ ᠠᠷᠭ᠎ᠠ | ᠭᠡᠯᠪᠡᠷᠢ ᠪᠠᠷ ︽ᠵᠠᠯᠠᠭᠤᠴᠤᠳ ᠤᠨ ᠪᠤᠯᠪᠠᠰᠤᠨ ᠤ ᠬᠤᠰᠢᠭᠤᠴᠢ ᠶᠢᠨ ᠨᠡᠭᠡᠭᠡᠯᠳᠡᠳᠦ ᠭᠠᠷᠠᠭ︾ ᠤᠨ ᠠᠵᠢᠯᠯᠠᠭ᠎ᠠ ᠶᠢ | ᠰᠠᠶᠢᠳᠤᠷ ᠦᠷᠨᠢᠭᠦᠯᠪᠡ᠃ | ᠡᠩ ᠲᠡᠷᠢᠭᠦᠨ ᠳᠤ ᠪᠤᠯᠪᠠᠰᠤᠨ ᠤ ᠬᠤᠰᠢᠭᠤᠴᠢ ᠬᠠᠮᠳᠦ ᠨᠠᠶᠢᠳᠠ ᠶᠢᠨ ᠡᠯ᠎ᠡ ᠲᠦᠷᠦᠯ ᠤᠨ ᠠᠵᠢᠯ ᠪᠠ | ᠦᠢᠯᠡᠴᠢᠯᠡᠭᠡ ᠳᠤ ᠤᠷᠤᠰᠢᠵᠤ ᠪᠠᠶᠢᠭ᠎ᠠ ᠠᠰᠠᠭᠤᠳᠠᠯ ᠳᠤ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠬᠤᠷᠢᠶᠠᠨ | ᠡᠮᠬᠢᠳᠭᠡᠵᠤ᠂ ᠠᠵᠢᠯ ᠤᠨ ᠲᠠᠯ᠎ᠠ ᠶᠢᠨ ᠲᠤᠳᠠᠬᠳᠠᠯ ᠢ ᠨᠦᠭᠦᠪᠦᠷᠢᠯᠡᠨ ᠦᠢᠯᠡᠴᠢᠯᠡᠭᠡ ᠪᠠᠨ ᠰᠢᠯᠢᠳᠡᠭᠵᠢᠭᠦᠯᠦᠭᠰᠡᠨ | ᠪᠠᠶᠢᠨ᠎ᠠ᠃ ᠲᠠᠷᠠᠭ᠎ᠠ ᠳᠤᠨᠢ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠶᠢ ᠦᠢᠯᠡᠴᠢᠯᠡᠭᠡᠨ ᠤ | ᠴᠤᠩᠬᠤᠪᠴᠢ ᠶᠢᠨ ᠭᠦᠭᠵᠢᠯᠳᠡ ᠶᠢᠨ ᠭᠤᠤᠯᠳᠠᠯᠭ᠎ᠠ ᠪᠤᠯᠭᠠᠨ ︽ᠦᠢᠯᠡᠴᠢᠯᠡᠬᠦ︾ ᠲᠡᠭᠡᠷ᠎ᠡ ᠭᠦᠴᠦ ᠲᠠᠯᠪᠢᠨ ᠨᠢᠭᠡ | ᠯᠡ ᠤᠳᠠᠭ᠎ᠠ ᠲᠡᠭᠡᠷ᠎ᠡ ᠮᠡᠳᠡᠭᠳᠡᠬᠦ᠂ ᠲᠡᠷᠡ ᠲᠠᠷᠤᠢ ᠳᠤᠨᠢ ᠬᠦᠢᠴᠡᠳᠭᠡᠵᠤ ᠲᠠᠭᠤᠰᠬᠠᠬᠤ᠂ ᠠᠵᠢᠯ ᠢ ᠲᠠᠭᠤᠰᠳᠠᠯ᠎ᠠ | ᠬᠠᠷᠢᠭᠤᠴᠠᠬᠤ᠂ ᠦᠢᠯᠡᠴᠢᠯᠡᠬᠦ ᠠᠮᠠᠯᠠᠯᠳᠠ ᠬᠢᠬᠦ ᠵᠡᠷᠭᠡ ᠲᠦᠷᠪᠡᠨ ᠵᠤᠷᠪᠤᠰ ᠲᠤᠭᠳᠠᠭᠠᠯ ᠢ ᠴᠢᠩᠭ᠎ᠠ ᠬᠡᠷᠡᠭᠵᠢᠬᠦᠯᠵᠤ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ ︽ᠦᠢᠯᠡᠴᠢᠯᠡᠬᠦ︾ ᠲᠡᠭᠡᠷ᠎ᠡ ᠰᠢᠨ᠎ᠡ ᠠᠮᠵᠢᠯᠳᠠ | ᠤᠯᠬᠤ ᠪᠠᠷ ᠴᠢᠷᠮᠠᠶᠢᠵᠤ᠂ ᠤᠯᠠᠨ ᠳᠤ ᠬᠠᠯᠠᠭᠤᠮᠰᠤᠭ ᠦᠢᠯᠡᠴᠢᠯᠡᠭᠡ ᠬᠦᠷᠳᠡᠭᠡᠭᠰᠡᠨ ᠪᠠᠶᠢᠨ᠎ᠠ᠃ ᠭᠤᠷᠪᠠᠳᠤᠭᠠᠷ ᠲᠤ | ᠲᠦᠷᠭᠡᠨ᠂ ᠴᠢᠬᠤᠯᠨ ᠲᠤᠮᠤ ᠲᠦᠷᠦᠯ ᠵᠦᠢᠯ ᠢ ᠬᠢᠨᠠᠨ ᠵᠦᠪᠰᠢᠶᠡᠷᠡᠬᠦ ᠰᠠᠭᠠᠳ ᠦᠭᠡᠢ ᠵᠠᠮ ᠢ ᠨᠡᠭᠡᠭᠡᠨ ᠮᠤᠩᠭᠤᠯ | ᠬᠢᠳᠠᠳ ᠬᠤᠤᠰ ᠭᠡᠯᠡᠨ ᠤ ᠦᠢᠯᠡᠴᠢᠯᠡᠭᠡᠨ ᠤ ᠪᠠᠶᠢᠷᠢ ᠶᠢ ᠬᠠᠩᠭᠠᠵᠤ᠂ ᠦᠢᠯᠡᠴᠢᠯᠡᠭᠡᠨ ᠤ ᠠᠷᠭ᠎ᠠ ᠪᠠᠷᠢᠯ ᠢ | ᠰᠢᠨᠡᠴᠢᠯᠡᠨ᠂ ᠪᠦᠬᠦ ᠬᠤᠰᠢᠭᠤᠨ ᠤ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠡᠷᠡᠭᠦᠯ ᠲᠦᠷᠭᠡᠨ ᠢᠶᠠᠷ | ᠭᠦᠭᠵᠢᠬᠦ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠲᠦᠷᠪᠡᠳᠤᠭᠡᠷ ᠲᠤ ᠦᠢᠯᠡᠴᠢᠯᠡᠭᠡᠨ ᠤ | ᠴᠤᠩᠬᠤᠪᠴᠢ ᠶᠢᠨ ᠠᠵᠢᠯᠳᠠᠳ ᠤᠨ ︽ᠵᠠᠯᠠᠭᠤᠴᠤᠳ ᠤᠨ ᠪᠤᠯᠪᠠᠰᠤᠨ ᠤ ᠬᠤᠰᠢᠭᠤᠴᠢ︾ ᠭᠡᠬᠦ ᠡᠩᠭᠡᠷ ᠤᠨ ᠲᠡᠮᠳᠡᠭ | ᠪᠡ ᠠᠵᠢᠯ ᠤᠨ ᠲᠡᠮᠳᠡᠭ ᠢᠶᠠᠨ ᠨᠢᠭᠡᠳᠦᠯᠳᠠᠢ ᠵᠡᠬᠦᠬᠦ ᠶᠢ ᠱᠠᠭᠠᠷᠳᠠᠨ᠂ ᠦᠢᠯᠡᠴᠢᠯᠡᠬᠦ ᠠᠮᠠᠯᠠᠯᠳᠠ ᠬᠢᠵᠤ᠂ | ᠦᠢᠯᠡᠴᠢᠯᠡᠭᠡ ᠪᠠᠨ ᠰᠢᠯᠢᠳᠡᠭᠵᠢᠭᠦᠯᠦᠨ᠂ ᠠᠷᠠᠳ ᠤᠯᠠᠨ ᠲᠠᠢ ᠬᠠᠷᠢᠴᠠᠭ᠎ᠠ ᠬᠤᠯᠪᠤᠭ᠎ᠠ ᠪᠠᠨ ᠤᠯᠠᠮ | ᠰᠠᠶᠢᠵᠢᠷᠠᠭᠤᠯᠤᠭᠰᠠᠨ ᠪᠠᠶᠢᠨ᠎ᠠ᠃ | | |