ᠮᠤᠩᠭᠤᠯ ᠬᠡᠯᠡᠨ ᠤ ᠠᠪᠢᠶᠠᠯᠠᠭ᠎ᠠ ᠪᠠᠷ ᠲᠠᠨᠢᠬᠤ ᠤᠶᠤᠨᠴᠢ ᠤᠷᠴᠢᠭᠤᠯᠭ᠎ᠠ ᠶᠢᠨ 13 ᠵᠦᠭᠡᠯᠡᠨ ᠰᠤᠹᠲ ᠠᠰᠢᠬᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2018-08-22
      8 ᠰᠠᠷ᠎ᠠ ᠶᠢᠨ 7᠎ ᠤ ᠡᠳᠤᠷ᠂ ᠲᠤᠮᠳᠠᠳᠤ ᠤᠯᠤᠰ ᠤᠨ ᠦᠨᠳᠤᠰᠤᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠥᠬᠡᠬᠤᠳᠠ ᠳᠤ ᠶᠠᠪᠤᠭᠳᠠᠵᠦ᠂ ︽ᠮᠤᠩᠭᠤᠯ ᠬᠡᠯᠡᠨ ᠤ ᠠᠪᠢᠶᠠᠯᠠᠭ᠎ᠠ ᠪᠠᠷ ᠲᠠᠨᠢᠬᠤ ᠤᠶᠤᠨᠴᠢ ᠤᠷᠴᠢᠭᠤᠯᠭ᠎ᠠ ᠶᠢᠨ ᠵᠦᠭᠡᠯᠡᠨ ᠰᠤᠹᠲ︾ ᠵᠡᠷᠭᠡ 13 ᠲᠦᠷᠤᠯ ᠤᠨ ᠬᠡᠷᠡᠭᠯᠡᠬᠡᠨ ᠤ ᠵᠦᠭᠡᠯᠡᠨ ᠰᠤᠹᠲ ᠢ ᠳᠠᠨᠢᠯᠴᠠᠭᠤᠯᠤᠭᠰᠠᠨ ᠪᠠᠶᠢᠨ᠎ᠠ᠃      ᠡᠭᠦᠨ ᠳᠤ᠂ ᠮᠤᠩᠭᠤᠯ ᠬᠢᠳᠡᠳ / ᠬᠢᠳᠡᠳ ᠮᠤᠩᠭᠤᠯ ᠤᠶᠤᠨᠴᠢ ᠤᠷᠴᠢᠭᠤᠯᠭ᠎ᠠ ᠶᠢᠨ ᠰᠢᠰᠲ᠋ᠧᠮ᠂ ᠬᠢᠳᠡᠳ ᠮᠤᠩᠭᠤᠯ ᠬᠡᠯᠡᠨ ᠤ ᠶᠠᠷᠢᠯᠴᠠᠭ᠎ᠠ᠂ ᠠᠪᠢᠶ᠎ᠠ ᠪᠠᠭᠤᠯᠭᠠᠨ ᠪᠢᠴᠢᠬᠦ ︵ᠮᠤᠩᠭᠤᠯ ᠬᠢᠳᠡᠳ︶᠂ ᠮᠤᠩᠭᠤᠯ ᠬᠡᠯᠡᠨ ᠤ ᠠᠪᠢᠶ᠎ᠠ ᠪᠠᠷ ᠪᠢᠴᠢᠭᠯᠡᠬᠦ ᠠᠷᠭ᠎ᠠ᠂ Windows ᠮᠤᠩᠭᠤᠯ ᠬᠡᠯᠡᠨ ᠤ ᠠᠪᠢᠶ᠎ᠠ ᠪᠠᠷ ᠪᠢᠴᠢᠭᠯᠡᠬᠦ ᠠᠷᠭ᠎ᠠ᠂ ᠮᠤᠩᠭᠤᠯ ᠬᠢᠳᠡᠳ ᠠᠪᠢᠶᠠᠯᠠᠭ᠎ᠠ ᠪᠠᠷ ᠲᠠᠨᠢᠬᠤ ᠤᠶᠤᠨᠴᠢ ᠤᠷᠴᠢᠭᠤᠯᠭ᠎ᠠ ᠶᠢᠨ ᠵᠦᠭᠡᠯᠡᠨ ᠰᠤᠹᠲ᠂ ᠮᠤᠩᠭᠤᠯ ᠬᠢᠳᠡᠳ ᠴᠠᠬ ᠲᠤᠬᠠᠢ ᠶᠢᠨ ᠤᠷᠴᠢᠭᠤᠯᠭ᠎ᠠ᠂ ᠮᠤᠩᠭᠤᠯ ᠬᠡᠯᠡᠨ ᠤ ᠰᠦᠯᠵᠢᠶᠡᠨ ᠲᠡᠭᠡᠷ᠎ᠡ ᠦᠰᠦᠭ ᠬᠠᠷᠭᠤᠭᠤᠯᠬᠤ ᠵᠦᠭᠡᠯᠡᠨ ᠰᠤᠹᠲ ᠂ ᠮᠤᠩᠭᠤᠯ ᠬᠡᠯᠡᠨ ᠤ ᠡᠯᠧᠺᠲᠷᠣᠨ ᠲᠤᠯᠢ᠂ ᠮᠤᠩᠭᠤᠯ ᠬᠡᠯᠡᠨ ᠤ ᠲᠧᠺᠰᠲ ᠢᠯᠭᠠᠨ ᠲᠠᠨᠢᠬᠤ ᠵᠦᠭᠡᠯᠡᠨ ᠰᠤᠹᠲ᠂ ᠮᠤᠩᠭᠤᠯ ᠬᠢᠳᠡᠳ ᠬᠡᠷᠡᠯ ᠵᠢᠷᠤᠭ ᠤᠨ ᠤᠷᠴᠢᠭᠤᠯᠭ᠎ᠠ᠂ ᠲᠢᠩᠬᠢᠮ ᠤᠨ ᠰᠢᠬᠦᠯᠳᠡ ᠶᠢᠨ ᠤᠶᠤᠨᠴᠢ ᠠᠪᠢᠶᠠᠨ ᠰᠢᠰᠲ᠋ᠧᠮ ᠂ ᠤᠶᠤᠨᠴᠢ ᠬᠤᠷᠠᠯ ᠤᠨ ᠪᠠᠭᠤᠯᠭᠠᠨ ᠪᠢᠴᠢᠬᠦ ᠰᠢᠰᠲ᠋ᠧᠮ ᠪᠠᠭᠳᠠᠨ᠎ᠠ᠃ ᠲᠠᠨᠢᠯᠴᠠᠭᠤᠯᠭ᠎ᠠ ᠶᠢ ᠦᠨᠳᠦᠰᠦᠯᠠᠪᠠᠯ᠂ ᠬᠢᠳᠡᠳ ᠮᠤᠩᠭᠤᠯ ᠬᠡᠯᠡᠨ ᠤ ᠶᠠᠷᠢᠯᠴᠠᠭ᠎ᠠ ᠰᠤᠹᠲ ᠨᠢ ᠤᠳᠠᠰᠤᠨ ᠤ ᠡᠨᠡ ᠲᠠᠯ᠎ᠠ ᠠᠴᠠ ᠬᠢᠳᠡᠳ ᠬᠡᠯᠡ ᠪᠠᠷ ᠶᠠᠷᠢᠬᠤ ᠳᠤ ᠨᠦᠬᠦᠭᠡ ᠲᠠᠯ᠎ᠠ ᠳᠤ ᠮᠤᠩᠭᠤᠯ ᠢᠶᠠᠷ ᠰᠤᠨᠤᠰᠳᠠᠵᠦ᠂ ᠨᠦᠬᠦᠭᠡ ᠬᠦᠮᠦᠨ ᠨᠢ ᠮᠤᠩᠭᠤᠯ ᠢᠶᠠᠷ ᠢᠶᠠᠨ ᠶᠠᠷᠢᠬᠤ ᠳᠤ ᠡᠨᠡ ᠲᠠᠯ᠎ᠠ ᠳᠤᠨᠢ ᠬᠢᠳᠡᠳ ᠢᠶᠠᠷ ᠰᠤᠨᠤᠰᠳᠠᠬᠤ ᠬᠤᠶᠠᠷ ᠬᠦᠮᠦᠨ ᠤ ᠶᠠᠷᠢᠯᠴᠠᠭ᠎ᠠ ᠶᠢ ᠰᠢᠭᠤᠳ ᠤᠷᠴᠢᠭᠤᠯᠬᠤ ᠴᠢᠳᠠᠮᠵᠢ ᠲᠠᠢ︔ ᠮᠤᠩᠭᠤᠯ ᠬᠡᠯᠡᠨ ᠤ ᠲᠧᠺᠰᠲ ᠢᠯᠭᠠᠨ ᠲᠠᠨᠢᠬᠤ ᠵᠦᠭᠡᠯᠡᠨ ᠰᠤᠹᠲ ᠨᠢ ᠴᠠᠭᠠᠰᠤᠨ ᠬᠡᠪᠯᠡᠯ ᠤᠨ ᠮᠤᠩᠭᠤᠯ ᠦᠰᠦᠭ ᠪᠢᠴᠢᠭ ᠢ ᠰᠢᠷᠪᠢᠪᠡᠯ ᠡᠯᠧᠺᠲᠷᠤᠨ ᠬᠡᠪᠯᠡᠯ ᠤᠨ ᠪᠤᠯᠭᠠᠵᠤ ᠴᠢᠳᠠᠬᠤ ᠴᠢᠳᠠᠮᠵᠢ ᠲᠠᠢ︔ ᠪᠠᠰᠠ ᠮᠤᠩᠭᠤᠯ ᠬᠢᠳᠡᠳ᠂ ᠬᠢᠳᠡᠳ ᠮᠤᠩᠭᠤᠯ ᠤᠨ ᠬᠤᠭᠤᠷᠤᠨᠳᠤᠬᠢ ᠦᠰᠦᠭ ᠪᠢᠴᠢᠭ ᠤᠨ ᠤᠷᠴᠢᠭᠤᠯᠭ᠎ᠠ ᠪᠠ ᠠᠮᠠᠨ ᠤᠷᠴᠢᠭᠤᠯᠭ᠎ᠠ ᠶᠢ ᠬᠦᠢᠴᠡᠳᠭᠡᠵᠤ ᠴᠢᠳᠠᠬᠤ ᠴᠢᠳᠠᠮᠵᠢ ᠲᠠᠢ ᠰᠤᠹᠲ ᠴᠤ ᠪᠤᠢ᠃ ᠡᠳᠡᠭᠡᠷ ᠵᠦᠭᠡᠯᠡᠨ ᠰᠤᠹᠲ ᠨᠢ ᠮᠤᠩᠭᠤᠯ ᠬᠡᠯᠡᠨ ᠤ ᠠᠯᠪᠠᠨ ᠠᠵᠢᠯ ᠤᠨ ᠠᠦ᠋ᠲ᠋ᠤᠴᠢᠯᠠᠯᠳᠠ᠂ ᠰᠦᠯᠵᠢᠶᠡᠨ ᠬᠠᠭᠤᠳᠡᠰᠤᠨ ᠳᠤ ᠬᠠᠷᠢᠯᠴᠠᠨ ᠤᠷᠴᠢᠭᠤᠯᠬᠤ᠂ ᠴᠠᠭ ᠲᠤᠬᠠᠢ ᠶᠢᠨ ᠶᠠᠷᠢᠯᠴᠠᠭ᠎ᠠ᠂ ᠦᠰᠦᠭ ᠪᠢᠴᠢᠭ ᠢ ᠯᠠᠪᠯᠠᠵᠤ ᠬᠠᠷᠭᠤᠭᠤᠯᠬᠤ᠂ ᠰᠤᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠵᠡᠷᠭᠡ ᠶᠢᠨ ᠶᠠᠰᠤ ᠴᠢᠨᠠᠷ ᠪᠤᠯᠤᠨ ᠦᠷ᠎ᠡ ᠪᠦᠳᠤᠮᠵᠢ ᠶᠢ ᠲᠡᠭᠡᠭᠰᠢᠯᠡᠬᠦᠯᠬᠦ ᠳᠤ ᠴᠢᠬᠤᠯᠠ ᠦᠢᠯᠡᠳᠤᠯ ᠪᠠᠳᠠᠷᠠᠭᠤᠯᠬᠤ ᠪᠤᠯᠤᠨ᠎ᠠ᠃      ᠬᠤᠷᠠᠯ ᠲᠠᠭᠡᠷ᠎ᠠ᠂ ᠲᠤᠮᠳᠠᠳᠤ ᠤᠯᠤᠰ ᠤᠨ ᠦᠨᠳᠤᠰᠤᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠶᠢᠨ ᠨᠠᠮ ᠤᠨ ᠬᠤᠷᠢᠶᠠᠨ ᠤ ᠱᠦᠵᠢ ᠯᠠᠨ ᡁᠢ ᠴᠢ᠄ ︽ᠢᠯᠠᠩᠭᠤᠶ᠎ᠠ᠂ ᠮᠤᠩᠭᠤᠯ ᠬᠡᠯᠡᠨ ᠤ ᠠᠪᠢᠶᠠᠯᠠᠭ᠎ᠠ ᠪᠠᠷ ᠲᠠᠨᠢᠬᠤ ᠤᠶᠤᠨᠴᠢ ᠤᠷᠴᠢᠭᠤᠯᠭ᠎ᠠ ᠶᠢᠨ ᠵᠦᠭᠡᠯᠡᠨ ᠰᠤᠹᠲ ᠢ ᠲᠡᠯᠭᠡᠷᠡᠬᠦᠯᠵᠤ ᠲᠦᠭᠡᠮᠡᠯᠵᠢᠬᠦᠯᠬᠦ ᠨᠢ ᠦᠭᠡ ᠭᠡᠯᠡᠨ ᠤ ᠨᠡᠪᠳᠡᠷᠡᠯᠴᠡᠬᠦ ᠦᠷ᠎ᠡ ᠪᠦᠳᠤᠮᠵᠢ ᠶᠢ ᠲᠡᠭᠡᠭᠰᠢᠯᠡᠬᠦᠯᠵᠤ ᠴᠢᠳᠠᠨ᠎ᠠ᠃ ᠬᠡᠯᠡᠬᠦ ᠲᠠᠢ ᠵᠡᠷᠭᠡ ᠤᠷᠴᠢᠭᠤᠯᠴᠢᠬᠠᠳᠠᠭ᠂ ᠲᠡᠷᠡᠴᠢᠯᠠᠨ ᠤᠬᠰᠠᠷᠠᠬᠤ ᠳᠤ ᠲᠦᠬᠦᠮ᠂ ᠠᠪᠢᠶ᠎ᠠ — ᠦᠰᠦᠭ ᠤᠨ ᠰᠤᠯᠢᠯᠳᠠ ᠨᠢ ᠲᠦᠷᠭᠡᠨ᠂ ᠤᠨᠤᠪᠴᠢ ᠶᠢᠨ ᠬᠡᠮᠵᠢᠶ᠎ᠠ ᠪᠠᠷ ᠦᠨᠳᠤᠷ ᠪᠠᠶᠢᠳᠠᠭ ᠡᠨᠡᠬᠦ ᠰᠤᠹᠲ ᠨᠢ ᠮᠤᠩᠭᠤᠯᠴᠤᠳ ᠤᠨ ᠦᠭᠡ ᠬᠡᠯᠡᠨ ᠤ ᠨᠡᠪᠳᠡᠷᠡᠯᠴᠡᠭᠡ ᠶᠢᠨ ᠬᠡᠷᠡᠭᠴᠡᠭᠡ ᠳᠤ ᠲᠦᠬᠦᠮ ᠦᠵᠡᠬᠦᠯᠵᠦ᠂ ᠭᠠᠴᠠᠭ᠎ᠠ ᠲᠤᠰᠬᠤᠨ ᠳᠤ ᠰᠠᠭᠤᠵᠤ ᠪᠠᠶᠢᠭ᠎ᠠ ᠦᠷᠭᠡᠨ ᠤᠯᠠᠨ ᠺᠠᠳ᠋ᠷ ᠤᠨ ᠤᠯᠤᠰ ᠤᠨ ᠲᠦᠷᠤ ᠶᠢᠨ ᠪᠤᠳᠤᠯᠭ᠎ᠠ ᠬᠠᠤᠯᠢ ᠲᠤᠬᠳᠠᠭᠠᠯ ᠢ ᠨᠡᠩ ᠰᠠᠶᠢᠨ ᠤᠬᠠᠭᠤᠯᠬᠤ ᠳᠤ ᠬᠠᠪᠰᠤᠷᠤᠮᠵᠢ ᠪᠤᠯᠵᠤ ᠴᠢᠳᠠᠨ᠎ᠠ︾ ᠬᠡᠵᠦ ᠪᠠᠶᠢᠯ᠎ᠠ᠃      ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠤᠩᠭᠤᠯ ᠬᠡᠯᠡ ᠪᠢᠴᠢᠭ ᠺᠤᠮᠫᠢᠦᠲ᠋ᠧᠴᠢᠯᠠᠯᠳᠠ ᠶᠢᠨ ᠲᠦᠪ ᠤᠨ ᠰᠤᠳᠤᠯᠤᠭᠠᠴᠢ ᠪᠠᠢ ᠱᠤᠸᠠᠩ ᠴᠧᠩ᠄ ︽ᠡᠳᠡᠬᠡᠷ ᠰᠤᠹᠲ ᠤᠨ ᠠᠰᠢᠭᠯᠠᠯᠳᠠ ᠳᠤ ᠤᠷᠤᠭᠰᠠᠨ ᠨᠢ ᠮᠠᠨ ᠤ ᠡᠳᠦᠷ ᠳᠤᠳᠤᠮ ᠤᠨ ᠠᠵᠢᠯ ᠠᠮᠢᠳᠤᠷᠠᠯ ᠳᠤ ᠮᠠᠰᠢ ᠬᠡᠷᠡᠭᠴᠡᠭᠡ ᠲᠠᠢ᠃ ᠬᠡᠷᠡᠭᠯᠡᠬᠡᠨ ᠤ ᠳᠠᠯ᠎ᠠ ᠪᠠ ᠰᠤᠳᠤᠯᠭᠠᠨ ᠤ ᠳᠠᠯ᠎ᠠ ᠪᠠᠷ ᠪᠦᠷ ᠠᠬᠢᠭᠤᠯᠬᠤ ᠦᠢᠯᠡᠳᠦᠯ ᠲᠠᠢ᠃ ᠠᠪᠢᠶᠠᠯᠠᠭ᠎ᠠ ᠪᠠᠷ ᠳᠠᠨᠢᠬᠤ ᠤᠶᠤᠨᠴᠢᠯᠠᠭᠰᠠᠨ ᠤᠷᠴᠢᠭᠤᠯᠭ᠎ᠠ ᠨᠢ ᠠᠪᠢᠶᠠᠯᠠᠭ᠎ᠠ ᠶᠢᠨ ᠢᠯᠭᠠᠨ ᠳᠠᠨᠢᠬᠤ ᠳᠠᠯ᠎ᠠ ᠪᠠᠷ ᠪᠠᠷᠢᠮᠵᠢᠶ᠎ᠠ ᠠᠪᠢᠶ᠎ᠠ ᠪᠠᠷ ᠬᠡᠯᠡᠬᠦ ᠎ ᠳᠤ ᠢᠯᠭᠠᠨ ᠳᠠᠨᠢᠬᠤ ᠴᠢᠳᠠᠮᠵᠢ ᠨᠢ ᠦᠨᠳᠦᠷ ᠪᠤᠯᠬᠤᠷ ᠤᠯᠠᠨ ᠠᠷᠪᠢᠨ ᠬᠦᠮᠦᠨ ᠢᠶᠠᠷ ᠠᠪᠢᠶᠠᠯᠠᠭ᠎ᠠ ᠶᠢᠨ ᠰᠢᠩᠬᠡᠬᠡᠯᠳᠡ ᠬᠢᠯᠬᠡᠵᠦ᠂ ᠦᠬᠡ ᠬᠡᠯᠡ ᠦᠰᠦᠭ ᠪᠢᠴᠢᠭ ᠤᠨ ᠮᠠᠲ᠋ᠧᠷᠢᠶᠠᠯ ᠤᠨ ᠬᠦᠮᠦᠷᠬᠡ ᠪᠠᠨ ᠨᠡᠮᠡᠭᠳᠡᠬᠦᠯᠪᠡᠯ ᠬᠡᠷᠡᠭᠯᠡᠬᠡᠨ ᠤ ᠴᠢᠳᠠᠮᠵᠢ ᠶᠢ ᠨᠡᠩ ᠦᠷᠬᠡᠳᠬᠡᠨ᠎ᠡ︾ ᠬᠡᠯ᠎ᠡ᠃      ᠲᠤᠮᠳᠠᠳᠤ ᠤᠯᠤᠰ ᠤᠨ ᠦᠨᠳᠤᠰᠤᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠤᠳᠤᠬᠠᠨ ᠳᠤ ᠮᠤᠩᠭᠤᠯ᠂ ᠲᠦᠪᠡᠳ᠂ ᠦᠢᠭᠤᠷ᠂ ᠬᠠᠰᠠᠭ᠂ ᠰᠤᠯᠤᠩᠭᠤᠰ᠂ ᠢ᠂ ᠵᠤᠸᠠᠩ ᠵᠡᠷᠭᠡ 7 ᠦᠨᠳᠤᠰᠤᠳᠡᠨ ᠤ ᠬᠡᠯᠡᠨ ᠤ ᠮᠠᠰᠢᠨ ᠤᠷᠴᠢᠭᠤᠯᠭ᠎ᠠ ᠶᠢᠨ ᠵᠦᠭᠡᠯᠡᠨ ᠰᠤᠹᠲ ᠢ ᠨᠢᠭᠡᠨᠳᠡ 40 ᠰᠢᠬᠠᠮ ᠨᠡᠶᠢᠳᠡᠯᠡᠭᠰᠡᠨ ᠪᠠᠶᠢᠨ᠎ᠠ᠃ ᠡᠨᠡ ᠤᠳᠠᠭ᠎ᠠ ᠎ ᠶᠢᠨ ᠨᠡᠶᠢᠳᠡᠯᠡᠭᠰᠡᠨ ᠪᠤᠢ ᠪᠦᠬᠦᠢ ᠵᠦᠭᠡᠯᠡᠨ ᠰᠤᠹᠲ ᠢ http://www.mzywfy.org. cn/download.jsp᠎ ᠳᠤ ᠤᠷᠤᠵᠤ ᠦᠨ᠎ᠠ ᠲᠦᠯᠤᠪᠤᠷᠢ ᠦᠭᠡᠢ ᠪᠠᠷ ᠪᠠᠭᠤᠯᠭᠠᠨ ᠠᠪᠴᠤ ᠤᠬᠰᠠᠷᠠᠨ ᠬᠡᠷᠡᠭᠯᠡᠵᠤ ᠪᠤᠯᠤᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号