ᠦᠥᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠤ ᠭᠤᠷᠪᠠᠳᠤᠭᠠᠷ ᠤᠳᠠᠭᠠᠨ ᠤ ᠮᠠᠯᠴᠢᠳ ᠤᠨ ᠨᠠᠭᠠᠳᠤᠮ  ᠤᠨ ᠬᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2018-08-22
      8 ᠰᠠᠷ᠎ᠠ ᠶᠢᠨ 18 ᠤ ᠡᠳᠦᠷ᠂ ᠦᠥᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠤ ᠭᠤᠷᠪᠠᠳᠤᠭᠠᠷ ᠤᠳᠠᠭᠠᠨ ᠤ ᠮᠠᠯᠴᠢᠳ ᠤᠨ ᠨᠠᠭᠠᠳᠤᠮ ᠤᠨ ᠬᠤᠷᠠᠯ ᠪᠥᠷᠢᠳᠤ ᠭᠠᠴᠠᠭᠠᠨ ᠳᠤ ᠠᠮᠵᠢᠯᠳᠠ ᠲᠠᠢ ᠶᠠᠪᠤᠭᠳᠠᠯ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠠᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ ᠨᠠᠷ ᠨᠠᠭᠠᠳᠤᠮ ᠤᠨ ᠬᠤᠷᠠᠯ ᠤᠨ ᠡᠬᠢᠯᠡᠯᠲᠡ ᠶᠢᠨ ᠶᠤᠰᠤᠯᠠᠯ ᠳᠤ ᠤᠷᠤᠯᠴᠠᠭᠰᠠᠨ ᠪᠠᠶᠢᠨ᠎ᠠ᠃      ᠶᠤᠰᠤᠯᠠᠯ ᠳᠡᠭᠡᠷ᠎ᠡ ᠪᠦᠷᠢᠳᠤ ᠭᠠᠴᠠᠭᠠᠨ ᠤ ᠵᠢᠷᠭᠤᠭᠠᠨ ᠮᠠᠯᠵᠢᠯ ᠤᠨ ᠬᠤᠷᠰᠢᠶ᠎ᠠ᠂ ᠨᠠᠨᠵᠢᠩ ᠤᠨ ᠰᠠᠭᠡᠭᠡᠳᠡᠳ᠂ ᠰᠤᠶᠤᠯ ᠤᠷᠠᠯᠢᠭ ᠤᠨ ᠪᠦᠯᠬᠦᠮ᠂ ᠪᠦᠬᠡ ᠶᠢᠨ ᠲᠤᠭᠤᠶᠢᠯᠠᠩ᠂ ᠮᠤᠷᠢᠨ ᠤ ᠲᠤᠭᠤᠶᠢᠯᠠᠩ ᠠᠴᠠ ᠵᠢᠭᠰᠠᠭᠠᠯ ᠤᠨ ᠦᠵᠭᠦᠯᠦᠯᠭᠡ ᠬᠢᠵᠦ᠂ ᠨᠠᠨᠵᠢᠩ ᠤᠨ ᠰᠡᠭᠡᠭᠡᠳᠡᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠬᠤ ᠶᠢᠨ ᠬᠠᠮᠲᠤ ᠪᠠᠰᠠ ᠪᠦᠷᠢᠳᠤ ᠭᠠᠴᠠᠭᠠᠨ ᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠮᠠᠯᠵᠢᠬᠤ ᠳ᠋ᠠᠵᠠᠢ ᠶᠢᠨ ︽ᠲᠡᠮᠦᠷ ᠬᠡᠥᠬᠡᠨᠴᠦᠳ︾᠂ ᠵᠢᠱᠢᠶᠡᠴᠢ ᠮᠠᠯᠴᠢᠨ ᠲᠠᠷᠢᠶᠠᠴᠢᠨ ᠪᠤᠯᠤᠨ ᠪᠦᠷᠢᠳᠤ ᠭᠠᠴᠠᠭᠠᠨ ᠤ ᠤᠶᠢᠵᠢᠭᠤᠯᠤᠯᠲᠠ ᠶᠢᠨ ᠲᠤᠮᠤ ᠡᠷᠦᠬᠡ ᠵᠡᠷᠭᠡ ᠶᠢ ᠲᠤᠰ ᠲᠤᠰ ᠱᠠᠩᠨᠠᠨ ᠭᠦᠬᠢᠭᠦᠯᠦᠭᠰᠡᠨ ᠪᠠᠶᠢᠨ᠎ᠠ᠃      ᠶᠤᠰᠤᠯᠠᠯ ᠤᠨ ᠲᠠᠷᠠᠭ᠎ᠠ ᠲᠤᠮᠳᠠᠲᠤ ᠤᠯᠤᠰ ᠤᠨ ᠦᠥᠰᠢᠨ ᠮᠤᠷᠢᠨ ᠬᠤᠭᠤᠷ ᠤᠨ ᠰᠢᠮᠫᠤᠨᠢ ᠨᠠᠶᠢᠷᠠᠯ ᠬᠦᠭᠵᠢᠮ ᠤᠨ ᠪᠦᠯᠬᠦᠮ᠂ ᠪᠦᠷᠢᠳᠤ ᠭᠠᠴᠠᠭᠠᠨ ᠤ ᠰᠤᠶᠤᠯ ᠤᠨ ᠲᠤᠭᠤᠶᠢᠯᠠᠩ ᠠᠴᠠ ᠮᠠᠯᠴᠢᠳ ᠲᠤ ᠤᠷᠠᠨ ᠰᠠᠶᠢᠬᠠᠨ ᠤ ᠲᠤᠭᠯᠠᠯᠲᠠ ᠭᠠᠷᠭᠠᠵᠤ ᠮᠠᠯᠴᠢᠨ ᠲᠥᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠵᠢᠷᠤᠭ᠎ᠠ ᠮᠤᠷᠢᠨ ᠤ ᠤᠷᠤᠯᠳᠤᠭᠠᠨ᠂ ᠵᠢᠷᠭᠡᠭᠡ ᠶᠢᠨ ᠤᠷᠤᠯᠳᠤᠭᠠᠨ᠂ ᠰᠠᠭᠰᠤᠨ ᠪᠦᠮᠪᠦᠭᠡ ᠵᠡᠷᠭᠡ ᠤᠷᠤᠯᠳᠤᠭᠠᠨ ᠢ ᠵᠤᠭᠢᠶᠠᠨ ᠪᠠᠶᠢᠭᠤᠯᠤᠨ ᠥᠷᠨᠢᠭᠦᠯᠵᠤ ᠨᠠᠭᠠᠳᠤᠮᠴᠢᠨ ᠲᠥᠮᠡᠨ ᠢᠶᠠᠨ ᠪᠠᠶᠠᠰᠬᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号