ᠦᠥᠰᠢᠨᠵᠤᠤ ᠪᠠᠯᠭᠠᠰᠤᠨ ᠤ ᠪᠦᠷᠢᠳᠤ ᠭᠠᠴᠠᠭ᠎ᠠ ︽ᠮᠠᠯᠴᠢᠳ ᠤᠨ ᠲᠠᠭᠤᠯᠠᠯ︾ ᠨᠡᠷᠡᠮᠵᠢᠲᠤ ᠪᠠᠭᠠᠴᠤᠳ ᠬᠡᠥᠬᠡᠳ ᠤᠨ ᠲᠠᠭᠤᠨ ᠤ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-08-27
     ᠤᠶᠢᠷ᠎ᠠ ᠳᠤ᠂ ᠦᠥᠰᠢᠨᠵᠤᠤ ᠪᠠᠯᠭᠠᠰᠤᠨ ᠤ ᠪᠦᠷᠢᠳᠤ ᠭᠠᠴᠠᠭ᠎ᠠ ︽ᠮᠠᠯᠴᠢᠳ ᠤᠨ ᠲᠠᠭᠤᠯᠠᠯ︾ ᠨᠡᠷᠡᠮᠵᠢᠲᠤ 16 ᠨᠠᠰᠤᠨ ᠠᠴᠠ ᠲᠤᠷᠤᠭᠰᠢ ᠪᠠᠭᠠᠴᠤᠳ ᠬᠡᠥᠬᠡᠳ ᠤᠨ ᠤᠷᠳᠤᠰ ᠠᠷᠠᠳ ᠤᠨ ᠢᠵᠠᠭᠤᠷ ᠲᠠᠭᠤᠤ ᠶᠢᠨ ᠤᠷᠤᠯᠳᠤᠭᠠᠨ ᠢ ᠶᠠᠪᠤᠭᠳᠠᠭᠤᠯᠪᠠ᠃ ᠲᠤᠰ ᠤᠳᠠᠭᠠᠨ ᠤ ᠤᠷᠤᠯᠳᠤᠭᠠᠨ ᠢ ᠬᠤᠲᠠ ᠶᠢᠨ ᠲᠡᠰ ᠤᠨ ᠤᠷᠳᠤᠰ ᠠᠷᠠᠳ  ᠤᠨ ᠲᠠᠭᠤᠨ ᠤ ᠦᠪᠯᠡᠨ ᠤᠯᠠᠮᠵᠢᠯᠠᠭᠴᠢ ᠰᠡᠷᠵᠢᠷᠠᠭᠢ ᠪᠤᠯᠤᠨ ᠦᠥᠰᠢᠨ ᠬᠤᠰᠢᠭᠤᠨ ᠤ ᠤᠷᠳᠤᠰ ᠠᠷᠠᠳ ᠤᠨ ᠲᠠᠭᠤᠨ ᠤ ᠦᠪᠯᠡᠨ ᠤᠯᠠᠮᠵᠢᠯᠠᠭᠴᠢ ᠡᠷᠳᠡᠨᠢ ᠬᠤᠶᠠᠷ ᠬᠠᠮᠳᠤᠷᠠᠨ ᠡᠷᠭᠢᠯᠠᠵᠤ ᠪᠦᠷᠢᠳᠤ ᠭᠠᠴᠠᠭᠠᠨ ᠤ ᠭᠤᠷᠪᠠᠳᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ ᠤᠨ ᠬᠤᠷᠠᠯ ᠢ ᠲᠤᠬᠢᠶᠠᠯᠳᠤᠭᠤᠯᠤᠨ ᠶᠠᠪᠤᠭᠳᠠᠭᠤᠯᠤᠭᠰᠠᠨ ᠪᠠᠶᠢᠨ᠎ᠠ᠃      ᠤᠷᠤᠯᠳᠤᠭᠠᠨ ᠳᠤ᠂ ᠮᠠᠨ ᠤ ᠬᠤᠰᠢᠭᠤ ᠪᠤᠯᠤᠨ ᠤᠲᠤᠭ ᠬᠤᠰᠢᠭᠤ᠂ ᠬᠠᠩᠭᠢᠨ ᠬᠤᠰᠢᠭᠤᠨ ᠠᠴᠠ ᠬᠦᠷᠦᠯᠴᠡᠨ ᠢᠷᠡᠭᠰᠡᠨ 16 ᠨᠡᠷ᠎ᠡ ᠪᠠᠭᠠᠴᠤᠳ ᠬᠡᠥᠬᠡᠳ ᠤᠷᠤᠯᠴᠠᠵᠤ ᠦᠪᠡᠷ ᠦᠪᠡᠷ ᠤᠨ ᠢᠶᠠᠨ ᠤᠨᠴᠠᠯᠢᠭ᠂ ᠤᠷ᠎ᠠ ᠠᠪᠢᠶᠠᠰ ᠢᠶᠠᠨ ᠪᠠᠳᠠᠷᠠᠭᠤᠯᠤᠨ ᠪᠠᠭᠰᠢ ᠪᠠ ᠠᠬᠠᠮᠠᠳ ᠠᠴᠠ ᠪᠠᠨ ᠰᠤᠷᠤᠭᠰᠠᠨ ᠤᠷᠳᠤᠰ ᠠᠷᠠᠳ ᠤᠨ ᠲᠠᠭᠤᠤ ᠶᠢ ᠢᠷᠡᠭᠤ ᠡᠭᠡᠰᠢᠭᠯᠡᠩ ᠢᠶᠠᠷ ᠤᠶᠠᠩᠭᠠᠯᠠᠨ ᠲᠠᠭᠤᠯᠠᠵᠤ ᠤᠷᠤᠯᠳᠤᠭᠠᠨ ᠤ ᠲᠠᠯᠠᠪᠠᠢ ᠶᠢ ᠬᠦᠷ ᠬᠦᠭᠵᠢᠶᠡᠨ ᠢᠶᠠᠷ ᠪᠢᠯᠬᠠᠭᠤᠯᠵᠤ ᠪᠠᠶᠢᠯ᠎ᠠ᠃        ᠲᠤᠰ ᠤᠳᠠᠭᠠᠨ ᠤ ᠤᠷᠤᠯᠳᠤᠭᠠᠨ ᠨᠢ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠤᠶᠤᠯ ᠤᠨ ᠠᠮᠢᠳᠤᠷᠠᠯ  ᠢ ᠪᠠᠶᠠᠯᠢᠭᠵᠢᠭᠤᠯᠵᠤ᠂ ᠡᠬᠡ ᠬᠡᠯᠡ ᠠᠷᠠᠳ ᠤᠨ ᠰᠤᠶᠤᠯ ᠤᠷᠠᠯᠢᠭ ᠢᠶᠠᠷ ᠢᠶᠠᠨ ᠪᠠᠭ᠋ᠠᠷᠬᠠᠵᠤ᠂ ᠦᠪ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠵᠢᠴᠢ ᠪᠠᠭᠠᠴᠤᠳ ᠬᠡᠥᠬᠡᠳ ᠤᠨ ᠲᠠᠭᠤᠤ ᠤᠷᠠᠯᠢᠭ ᠤᠨ ᠠᠪᠢᠶᠠᠰ ᠪᠢᠯᠢᠭ ᠢ ᠰᠤᠷᠢᠵᠤ ᠰᠤᠯᠢᠯᠴᠠᠬᠤ ᠳᠤ ᠲᠠᠪᠴᠠᠩ ᠬᠠᠩᠭᠠᠬᠤ ᠰᠠᠶᠢᠨ ᠵᠠᠪᠰᠢᠶᠠᠨ ᠪᠤᠯᠤᠭᠰᠠᠨ ᠪᠠᠶᠢᠨ᠎ᠠ᠃ ᠤᠷᠤᠯᠳᠤᠭᠠᠨ ᠤ ᠡᠴᠤᠰ ᠲᠤ ᠡᠮᠦᠨ᠎ᠡ ᠵᠢᠷᠭᠤᠭᠠᠨ ᠨᠡᠷᠡᠰ ᠲᠤ ᠲᠤᠳᠤᠷᠠᠭᠰᠠᠳ ᠢ ᠱᠠᠩᠨᠠᠨ ᠭᠦᠬᠢᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号