ᠰᠠᠷᠠᠭᠤᠯᠨᠤᠳᠤᠭ ᠭᠠᠴᠠᠭ᠎ᠠ ᠪᠤᠯ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠪᠠᠷᠠᠭᠤᠨ ᠬᠤᠶᠢᠳᠤ | ᠬᠡᠰᠡᠭ ᠲᠤ ᠪᠠᠶᠢᠷᠢᠰᠢᠵᠤ ᠪᠠᠶᠢᠳᠠᠭ᠂ 62 ᠲᠦᠮᠡᠨ ᠮᠦ ᠨᠤᠳᠤᠭ ᠲᠡᠪᠢᠰᠭᠡᠷ᠂ 403 ᠡᠷᠤᠭᠡ᠂ 1000 ᠭᠠᠷᠤᠢ | ᠬᠦᠮᠤᠨ ᠠᠮᠠ ᠲᠠᠢ᠃ ᠬᠤᠶᠢᠳᠤ ᠲᠠᠯ᠎ᠠ ᠪᠠᠷ ᠢᠶᠠᠨ ᠤᠳᠤᠭ ᠬᠤᠰᠢᠭᠤᠨ ᠤ ᠰᠦᠮᠡᠳᠤ ᠰᠤᠮᠤ ᠲᠠᠢ ᠰᠠᠪᠠ ᠨᠡᠶᠢᠯᠡᠨ᠂ | ᠪᠠᠷᠠᠭᠤᠨ ᠬᠤᠶᠢᠳᠤ ᠲᠠᠯ᠎ᠠ ᠨᠢ ᠡᠷᠢᠶᠡᠨᠲᠤᠯᠤᠭᠠᠢ᠂ ᠡᠮᠤᠨ᠎ᠠ ᠲᠠᠯ᠎ᠠ ᠨᠢ ᠲᠤᠯᠢ ᠶᠢᠨ ᠲᠤᠭᠤᠷᠢᠮ ᠭᠠᠴᠠᠭ᠎ᠠ ᠲᠠᠢ | ᠬᠦᠷᠰᠢᠯᠡᠵᠤ᠂ ᠵᠡᠭᠦᠨ ᠲᠠᠯ᠎ᠠ ᠪᠠᠷ ᠢᠶᠠᠨ ᠪᠠᠶ᠋ᠬᠠᠦ᠋ᠨᠳᠤᠷ ᠭᠠᠴᠠᠭ᠎ᠠ ᠲᠠᠢ ᠵᠠᠯᠭᠠᠯᠳᠤᠵᠤ ᠪᠤᠢ᠃ ᠲᠡᠤᠭᠡᠨ ᠲᠡᠭᠡᠷ᠎ᠠ | ᠰᠠᠷᠠᠭᠤᠯᠨᠤᠳᠤᠭ ᠭᠠᠴᠠᠭ᠎ᠠ ᠨᠢ ᠪᠠᠶᠢᠰᠢᠩᠬᠤᠷ ᠤᠨ ᠬᠤᠶᠢᠴᠢᠰ ᠪᠤᠯᠬᠤ ᠤᠳᠤᠭ ᠬᠤᠰᠢᠭᠤᠨ ᠤ ᠠᠩᠬᠠᠳᠤᠭᠠᠷ ᠵᠠᠰᠠᠭ | ᠨᠤᠶᠠᠨ ᠱᠠᠨᠳᠡ ᠶᠢᠨ ᠡᠵᠡᠮᠰᠢᠯ ᠲᠤᠤᠷ᠎ᠠ ᠪᠠᠶᠢᠵᠠᠢ᠃ ᠰᠡᠭᠦᠯᠡᠷ ᠨᠢ 1952 ᠤᠨ ᠳᠤ ᠦᠤᠰᠢᠨ ᠬᠤᠰᠢᠭᠤᠨ ᠤ | ᠲᠦᠷᠪᠡᠳᠦᠭᠡᠷ ᠨᠤᠳᠤᠭ ᠤᠨ ᠨᠢᠭᠡᠨ ᠭᠠᠴᠠᠭ᠎ᠠ ᠪᠤᠯᠤᠨ ᠪᠠᠶᠢᠭᠤᠯᠤᠬᠳᠠᠵᠤ ᠡᠯ᠎ᠡ ᠱᠠᠳᠤᠨ ᠤ ᠵᠠᠰᠠᠭ ᠤᠨ ᠤᠷᠳᠤᠨ ᠤ | ᠤᠳᠤᠷᠢᠳᠤᠯᠭ᠎ᠠ ᠪᠡ ᠤᠯᠡᠨ ᠲᠦᠮᠡᠨ ᠤ ᠬᠠᠮᠳᠤ ᠶᠢᠨ ᠴᠢᠷᠮᠠᠶᠢᠯᠭ᠎ᠠ ᠲᠤᠤᠷ᠎ᠠ ᠰᠢᠨ᠎ᠠ ᠵᠠᠭᠤᠨ ᠳᠤ ᠠᠯᠬᠤᠨ | ᠤᠷᠤᠨᠨᠰᠠᠨ ᠠᠴᠠ ᠮᠠᠯ ᠲᠠᠷᠢᠶᠠᠯᠠᠩ᠂ ᠡᠮ ᠡᠮᠨᠡᠯᠭᠡ ᠡᠷᠡᠭᠦᠯ ᠬᠠᠮᠠᠭᠠᠯᠠᠯ᠂ ᠴᠢᠮᠡᠭᠡ ᠬᠤᠯᠪᠤᠭ᠎ᠠ ᠵᠡᠷᠭᠡ ᠲᠠᠯ᠎ᠠ ᠪᠠᠷ | ᠶᠡᠭᠡ ᠪᠠᠷ ᠬᠦᠭᠵᠢᠵᠤ᠂ ᠠᠷᠠᠳ ᠲᠦᠮᠡᠨ ᠤ ᠪᠤᠳᠠᠰ ᠪᠡ ᠰᠤᠶᠤᠯ ᠤᠨ ᠠᠮᠢᠳᠤᠷᠠᠯ ᠨᠢ ᠤᠷᠢᠳᠤ ᠭᠠᠷᠤᠭ᠎ᠠ ᠦᠭᠡᠢ | ᠰᠠᠶᠢᠵᠢᠷᠠᠬᠰᠡᠨ ᠪᠠᠶᠢᠨ᠎ᠠ᠃ ᠲᠤᠰ ᠭᠠᠴᠠᠭ᠎ᠠ ᠨᠢ ᠤᠷᠢᠳ ᠬᠤᠵᠢᠳ ᠪᠦᠬᠦ ᠪᠠᠯᠭᠠᠰᠤᠨ ᠤ ᠪᠤᠳᠠᠳᠠᠢ ᠠᠵᠢᠯ ᠤᠨ | ᠰᠢᠯᠭᠠᠯᠳᠡ ᠶᠢᠨ ᠨᠢᠭᠡᠳᠦᠭᠡᠷ ᠲᠡᠰ᠂ ᠰᠤᠶᠤᠯ ᠤᠨ ᠲᠤᠭᠤᠢᠢᠯᠠᠩ ᠤᠨ ᠴᠤᠬᠴᠠᠯᠠᠯᠳᠡ ᠶᠢᠨ ᠲᠡᠷᠢᠭᠦᠨ ᠤ ᠨᠢᠭᠡᠴᠢ᠂ | ᠭᠠᠴᠠᠭ᠎ᠠ ᠲᠤᠰᠬᠤᠨ ᠤ ᠠᠵᠢᠯ ᠤᠨ ᠬᠢᠨᠡᠨ ᠰᠢᠯᠭᠠᠷᠠᠭᠤᠯᠤᠯᠳᠡ ᠶᠢᠨ ᠨᠢᠭᠡᠳᠦᠭᠡᠷ ᠲᠡᠰ᠂ ᠪᠦᠬᠦ ᠪᠠᠯᠭᠠᠰᠤᠨ ᠤ | ᠭᠠᠴᠠᠭ᠎ᠠ ᠲᠤᠰᠬᠤᠨ ᠤ ᠠᠵᠢᠯ ᠤᠨ ᠰᠢᠯᠭᠠᠷᠠᠭᠤᠯᠤᠯᠳᠡ ᠶᠢᠨ ᠲᠤᠪᠤᠶᠢᠮ᠎ᠠ ᠨᠢᠭᠡᠴᠢ᠂ ᠰᠤᠮᠤᠨ ᠤ ᠱᠠᠳᠤᠨ ᠤ | ᠠᠷᠢᠭᠤᠨ ᠴᠡᠪᠡᠷ ᠭᠠᠴᠠᠭ᠎ᠠ ᠲᠤᠰᠬᠤᠨ᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠰᠢᠭᠤ ᠶᠢ | ᠡᠭᠦᠳᠤᠨ ᠪᠠᠶᠢᠭᠤᠯᠬᠤ ᠠᠵᠢᠯ ᠤᠨ ᠲᠡᠷᠢᠭᠦᠨ ᠤ ᠭᠠᠴᠠᠭ᠎ᠠ ᠲᠤᠰᠬᠤᠨ ᠵᠡᠷᠭᠡ ᠢᠷᠡᠭᠤ ᠠᠯᠳᠡᠷ ᠢ ᠬᠦᠷᠳᠡᠪᠠ᠃ | ᠦᠭᠡᠷᠡᠴᠢᠯᠡᠯᠳᠡ ᠬᠢᠵᠤ ᠴᠢᠯᠦᠭᠡᠳᠠᠢ ᠶᠠᠪᠤᠯᠴᠠᠬᠰᠡᠨ ᠠᠴᠠ ᠨᠠᠰᠢ᠂ ᠭᠠᠯᠠᠭᠤᠳᠤ ᠪᠠᠯᠭᠠᠰᠤᠨ ᠤ ᠮᠠᠯ | ᠦᠢᠯᠡᠳᠪᠤᠷᠢᠯᠡᠯ ᠤᠨ ᠪᠦᠳᠦᠴᠨ ᠳᠤ ᠶᠡᠭᠡᠭᠡᠨ ᠬᠤᠪᠢᠷᠠᠯᠳᠡ ᠭᠠᠷᠴᠤ᠂ ᠤᠯᠠᠮᠵᠢᠯᠠᠯᠳᠤ ᠮᠠᠯ ᠠᠵᠤ ᠠᠬᠤᠢ ᠠᠴᠠ ᠪᠠᠨ | ᠡᠷᠴᠢᠮᠵᠢᠭᠰᠡᠨ ᠪᠡ ᠬᠡᠪᠴᠢᠶᠡᠵᠢᠭᠰᠡᠨ ᠮᠠᠯ ᠠᠵᠤ ᠠᠬᠤᠢ ᠲᠡᠶᠢᠰᠢ ᠬᠦᠭᠵᠢᠪᠡ᠃ ᠰᠠᠷᠠᠭᠤᠯᠨᠤᠳᠤᠭ ᠭᠠᠴᠠᠭ᠎ᠠ ᠨᠢ ᠴᠤ | ᠬᠦᠭᠵᠢᠯᠳᠡ ᠶᠢᠨ ᠡᠷᠴᠢᠨ ᠳᠤ ᠮᠠᠯ ᠦᠢᠯᠡᠳᠪᠤᠷᠢᠯᠡᠯ ᠢᠶᠠᠨ ᠪᠦᠳᠦᠮᠵᠢᠳᠠᠢ ᠡᠷᠬᠢᠯᠡᠵᠤ᠂ ᠪᠦᠬᠦ ᠬᠤᠰᠢᠭᠤᠨ ᠤ | ᠮᠠᠯᠵᠢᠬᠤ ᠭᠠᠴᠠᠭᠠᠨ ᠤ ᠲᠡᠷᠢᠭᠦᠨ ᠳᠤ ᠤᠷᠤᠨᠨᠰᠠᠨ ᠪᠠᠶᠢᠨ᠎ᠠ᠃ ᠲᠡᠭᠡᠷ᠎ᠡ ᠵᠠᠭᠤᠨ ᠤ ᠨᠠᠶᠠᠭᠠᠳ ᠤᠨ ᠤ ᠦᠶ᠎ᠠ ᠪᠠᠷ | ᠭᠠᠯᠠᠭᠤᠳᠤ ᠪᠠᠯᠭᠠᠰᠤ ᠮᠠᠯ ᠤᠨ ᠡᠭᠦᠯᠳᠡᠷ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠶᠢᠯ ᠡᠷᠤᠭᠡ ᠬᠤᠪᠢ ᠪᠠᠷ ᠢᠶᠠᠨ | ᠭᠡᠭᠡᠯᠳᠦᠭᠦᠯᠭᠡ ᠶᠢᠨ ᠦᠷᠳᠡᠭᠡ ᠶᠢ ᠪᠠᠶᠢᠭᠤᠯᠤᠨ᠂ ᠠᠦ᠋ᠰᠲᠷᠠᠯᠢᠶ᠎ᠠ ᠶᠢᠨ ᠰᠠᠶᠢᠨ ᠡᠭᠦᠯᠳᠡᠷ ᠤᠨ ᠬᠤᠴᠨ ᠶᠢ | ᠤᠷᠤᠭᠤᠯᠵᠤ᠂ ᠰᠢᠨᠵᠢᠶᠠᠩ ᠤᠳᠤᠮᠳᠤ ᠬᠤᠨᠢ ᠪᠠᠨ ᠡᠷᠯᠢᠰᠡᠵᠢᠬᠦᠯᠤᠨ ᠤᠷᠳᠤᠰ ᠤᠨ ᠨᠠᠷᠢᠨ ᠨᠤᠤᠰᠤᠳᠤ ᠬᠤᠨᠢ ᠶᠢ | ᠪᠤᠶᠢᠵᠢᠭᠤᠯᠪᠠ᠃ ᠡᠶᠢᠨ ᠬᠦ ᠰᠠᠷᠠᠭᠤᠯᠨᠤᠳᠤᠭ ᠤᠨ ᠮᠠᠯᠴᠢᠨ ᠲᠦᠮᠡᠨ ᠴᠤ ᠠᠭᠠᠵᠢᠮ ᠢᠶᠠᠷ ᠤᠷᠳᠤᠰ ᠤᠨ ᠨᠠᠷᠢᠨ | ᠨᠤᠤᠰᠤᠳᠤ ᠬᠤᠨᠢ ᠶᠢ ᠲᠡᠵᠢᠭᠡᠨ ᠦᠷᠡᠵᠢᠭᠦᠯᠵᠠᠢ᠃ | ᠲᠠᠷᠢᠶᠠᠯᠠᠩ ᠢᠶᠠᠷ ᠮᠠᠯ ᠠᠵᠤ ᠠᠬᠤᠢ ᠶᠢ ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ ᠲᠤᠭᠤᠰᠢᠯᠠᠭᠳᠠᠬᠤ ᠶᠢ | ᠲᠠᠭᠠᠯᠳᠤᠨ ᠲᠠᠷᠢᠶᠠᠯᠠᠩ ᠤᠨ ᠦᠢᠯᠡᠳᠪᠤᠷᠢᠯᠡᠯ ᠢᠶᠠᠨ ᠰᠢᠨᠡᠴᠢᠯᠡᠵᠤ᠂ ᠦᠭᠡᠷ ᠢᠶᠠᠷ ᠠᠨᠵᠢᠰᠤ ᠴᠢᠷᠤᠬᠦᠯᠤᠨ | ᠲᠠᠷᠢᠶᠠᠯᠠᠵᠤ ᠪᠠᠶᠢᠬᠰᠡᠨ ᠢᠶᠠᠨ ᠮᠠᠰᠢᠨᠴᠢᠯᠠᠵᠤ᠂ ᠬᠠᠭᠤᠷᠠᠢ ᠲᠠᠷᠢᠶ᠎ᠠ ᠲᠠᠷᠢᠵᠤ ᠪᠠᠶᠢᠬᠰᠠᠨ ᠠᠴᠠ ᠪᠠᠨ ᠮᠠᠰᠢᠨ | ᠬᠤᠳᠳᠤᠭ᠂ ᠤᠯᠡᠨ ᠬᠤᠭᠤᠯᠠᠶᠢᠳᠤ ᠬᠤᠳᠳᠤᠭ ᠮᠠᠯᠳᠠᠨ ᠤᠰᠤᠯᠠᠯᠳᠠ ᠶᠢᠨ ᠲᠠᠷᠢᠶᠠᠨ ᠭᠠᠵᠠᠷ ᠨᠡᠭᠡᠭᠡᠵᠤ᠂ ᠦᠨᠳᠤᠷ | ᠤᠨᠠᠯᠳᠡ ᠲᠠᠢ ᠡᠷᠳᠡᠨᠢ ᠰᠢᠰᠢ᠂ ᠬᠦᠭᠡ ᠲᠠᠷᠤᠰᠢ ᠶᠢᠨ ᠡᠷᠳᠡᠨᠢ ᠰᠢᠰᠢ ᠵᠡᠷᠭᠡ ᠶᠢ ᠭᠤᠤᠯᠳᠠᠭᠤᠯᠤᠨ ᠲᠠᠷᠢᠵᠤ ᠭᠠᠨᠭ᠌ | ᠬᠠᠭᠰᠠᠷᠠᠭᠠᠨ ᠲᠠᠢ ᠪᠠᠶᠢᠳᠠᠯ ᠲᠤᠤᠷ᠎ᠠ ᠴᠤ ᠬᠤᠷᠢᠶᠠᠯᠳᠡ ᠶᠢ ᠪᠠᠳᠤᠯᠠᠨ᠂ ᠮᠠᠯ ᠰᠦᠷᠦᠭ ᠤᠨ ᠢᠶᠠᠨ ᠲᠡᠵᠢᠭᠡᠯ | ᠪᠤᠷᠳᠤᠭᠠᠨ ᠤ ᠬᠠᠨᠭ᠍ᠭᠠᠯᠭ᠎ᠠ ᠶᠢ ᠰᠢᠢᠳᠪᠤᠷᠢᠯᠡᠬᠦ ᠪᠤᠯᠵᠠᠢ᠃ ᠤᠳᠤ ᠪᠦᠬᠦ ᠭᠠᠴᠠᠭᠠᠨ ᠤ ᠮᠠᠯᠴᠢᠳ ᠤᠨ ᠲᠠᠷᠢᠶᠠᠨ | ᠭᠠᠵᠠᠷ ᠲᠤ ᠤᠰᠤ᠂ ᠴᠠᠬᠢᠯᠭᠠᠨ᠂ ᠮᠠᠰᠢᠨ ᠵᠡᠷᠭᠡ ᠶᠢ ᠦᠨᠳᠤᠰᠤᠨ ᠳᠡᠭᠡᠨ ᠢᠵᠢ ᠪᠦᠷᠢᠳᠦᠭᠦᠯᠵᠤ᠂ ᠲᠠᠷᠢᠶᠠᠯᠡᠩ ᠤᠨ | ᠠᠵᠢᠯ ᠤᠨ ᠬᠠᠭᠠᠰ ᠢ ᠮᠠᠰᠢᠨᠴᠢᠯᠡᠵᠤ᠂ ᠬᠦᠳᠡᠯᠮᠤᠷᠢ ᠬᠦᠴᠦ ᠶᠢ ᠶᠡᠭᠡ ᠪᠠᠷ ᠠᠷᠪᠢᠯᠠᠵᠠᠢ᠃ | ᠦᠡᠭᠭᠡᠷᠡᠭᠰᠡᠨ ᠳᠤ ᠰᠠᠷᠠᠭᠤᠯᠨᠤᠳᠤᠭ ᠤᠨ ᠮᠠᠯᠴᠢᠳ ᠮᠤᠷᠢ ᠲᠡᠮᠡᠭᠡ ᠪᠠᠷ ᠤᠨᠤᠭ᠎ᠠ ᠪᠤᠯᠭᠠᠵᠤ᠂ ᠦᠭᠡᠷ | ᠬᠠᠰᠠᠭ ᠢᠶᠠᠷ ᠭᠤᠤᠯ ᠲᠡᠭᠡᠭᠡᠪᠤᠷᠢ ᠶᠢᠨ ᠪᠠᠭᠠᠵᠢ ᠪᠤᠯᠭᠠᠵᠤ ᠪᠠᠶᠢᠵᠠᠢ᠂ ᠠᠷᠠᠳ ᠤᠨ ᠠᠮᠢᠳᠤᠷᠠᠯ ᠤᠨ ᠲᠡᠭᠡᠭᠰᠢᠯᠠᠯᠳᠡ ᠶᠢ | ᠲᠠᠭᠠᠯᠳᠤᠨ ᠲᠤᠭᠤᠢ ᠲᠡᠷᠭᠡ᠂ ᠮᠤᠲ᠋ᠤᠷ ᠲᠡᠷᠭᠡ ᠨᠢ ᠨᠢᠭᠡᠨ ᠦᠶ᠎ᠠ ᠵᠠᠮ ᠬᠠᠷᠢᠯᠴᠠᠭᠠᠨ ᠤ ᠴᠢᠬᠤᠯᠠ ᠪᠠᠭᠠᠵᠢ ᠪᠤᠯᠵᠤ | ᠦᠨᠤᠳᠤᠷ ᠰᠠᠭᠤᠳᠠᠯ ᠤᠨ ᠮᠠᠰᠢᠨ ᠲᠡᠷᠭᠡ ᠵᠠᠮ ᠬᠠᠷᠢᠯᠴᠠᠭᠠᠨ ᠤ ᠴᠢᠬᠤᠯᠠ ᠪᠠᠭᠠᠵᠢ ᠪᠤᠯᠪᠠ᠃ ᠤᠳᠤ ᠪᠦᠬᠦ | ᠭᠠᠴᠠᠭᠠᠨ ᠳᠤ 200 ᠭᠠᠷᠤᠢ ᠬᠤᠪᠢ ᠶᠢᠨ ᠮᠠᠰᠢᠨ ᠲᠡᠷᠭᠡ ᠪᠠᠶᠢᠨ᠎ᠠ᠃ | ᠦᠭᠡᠷᠡᠴᠢᠯᠡᠯᠳᠡ ᠨᠡᠭᠡᠭᠡᠯᠳᠡ ᠬᠢᠭᠰᠡᠨ ᠠᠴᠠ ᠴᠢᠮᠡᠭᠡ ᠬᠤᠯᠪᠤᠭᠠᠨ ᠤ ᠦᠢᠯᠡᠰ ᠮᠠᠰᠢ ᠲᠦᠷᠭᠡᠨ ᠬᠦᠭᠵᠢᠵᠤ᠂ | ᠦᠡᠭᠭᠡᠷᠡᠭᠰᠡᠨ ᠳᠤ ᠭᠤᠤᠯᠳᠠᠭᠤ ᠵᠠᠬᠢᠳᠠᠯ ᠢᠶᠠᠷ ᠴᠢᠮᠡᠭᠡ ᠬᠤᠯᠪᠤᠭ᠎ᠠ ᠠᠪᠳᠠᠭ ᠪᠠᠶᠢᠬᠰᠠᠨ ᠠᠴᠠ ᠦᠨᠤᠳᠤᠷ ᠭᠠᠷ | ᠤᠳᠠᠰᠤ ᠠᠶᠢᠯ ᠪᠦᠬᠦᠨ ᠳᠤ ᠲᠦᠭᠡᠮᠡᠯᠵᠢᠵᠤ᠂ ᠪᠦᠬᠦ ᠭᠠᠴᠠᠭᠠᠨ ᠤ ᠮᠠᠯᠴᠢᠳ ᠤᠨ ᠭᠠᠷ ᠤᠳᠠᠰᠤ ᠬᠡᠷᠡᠭᠯᠡᠬᠦ ᠨᠤᠷᠮ᠎ᠠ | 100 % ᠳᠤ ᠬᠦᠷᠴᠤ᠂ ᠮᠠᠯᠴᠢᠨ ᠲᠦᠮᠡᠨ ᠤ ᠴᠢᠮᠡᠭᠡ ᠬᠤᠯᠪᠤᠭᠠᠨ ᠤ ᠴᠢᠬᠤᠯᠠ ᠪᠠᠭᠠᠵᠢ ᠪᠤᠯᠤᠬᠰᠠᠨ ᠢᠶᠠᠷ ᠦᠯᠦ | ᠪᠠᠷᠠᠮ ᠮᠡᠳᠡᠭᠡ ᠴᠢᠮᠡᠭᠡᠯᠡᠯ ᠬᠦᠯᠢᠶᠠᠨ ᠠᠪᠬᠤ ᠴᠢᠬᠤᠯᠠ ᠵᠠᠭᠤᠴᠢᠯᠠᠭᠤᠷ ᠪᠤᠯᠵᠤ ᠪᠠᠶᠢᠨ᠎ᠠ᠃ | ᠦᠡᠭᠭᠡᠷᠡᠭᠰᠡᠨ ᠳᠤ ᠰᠠᠷᠠᠭᠤᠯᠨᠤᠳᠤᠭ ᠤᠨ ᠡᠮᠴᠢᠯᠡᠭᠡᠨ ᠤ ᠨᠦᠬᠦᠴᠡᠯ ᠴᠤ ᠲᠠᠶᠢᠮᠤ ᠰᠠᠶᠢᠨ ᠪᠢᠰᠢ ᠪᠠᠶᠢᠵᠠᠢ᠃ | ᠦᠭᠡᠷᠡᠴᠢᠯᠡᠯᠳᠡ ᠬᠢᠵᠤ ᠴᠢᠯᠦᠭᠡᠳᠠᠢ ᠶᠠᠪᠤᠯᠴᠠᠬᠰᠡᠨ ᠤ ᠲᠠᠷᠠᠭ᠎ᠠ ᠭᠠᠴᠠᠭᠠᠨ ᠤ ᠡᠮᠨᠡᠯᠭᠡ ᠶᠢᠨ ᠦᠷᠳᠡᠭᠡ ᠶᠢ ᠬᠤᠪᠢ | ᠬᠦᠮᠤᠨ ᠳᠤ ᠲᠠᠭᠠᠭᠠᠴᠢᠯᠠᠭᠤᠯᠤᠨ ᠦᠭᠴᠠᠢ᠃ 1982 ᠤᠨ ᠳᠤ ᠦᠤᠰᠢᠨ ᠬᠤᠰᠢᠭᠤᠨ ᠤ ᠡᠷᠡᠭᠦᠯ ᠬᠠᠮᠠᠭᠠᠯᠠᠯ ᠤᠨ | ᠲᠤᠪᠴᠢᠶᠠᠨ ᠠᠴᠠ ᠦᠨᠳᠤᠰᠤᠨ ᠱᠠᠳᠤᠨ ᠤ ᠡᠮᠴᠢ ᠶᠢᠨ ᠮᠡᠷᠭᠡᠵᠢᠯ ᠤᠨ ᠬᠢᠷᠢ ᠭᠡᠮ ᠤᠨ ᠰᠢᠯᠭᠠᠯᠳᠡ ᠶᠢ | ᠶᠠᠪᠤᠬᠳᠠᠭᠤᠯᠵᠤ᠂ ᠬᠢᠷᠢ ᠲᠡᠩᠴᠡᠭᠰᠡᠨ ᠬᠦᠮᠤᠰ ᠤᠨ ᠲᠤᠳᠤᠷ᠎ᠠ ᠠᠴᠠ ᠰᠤᠩᠭᠤᠨ ᠭᠠᠴᠠᠭᠠᠨ ᠤ ᠡᠮᠴᠢ ᠪᠤᠯᠭᠠᠪᠠ᠃ | 2010 ᠤᠨ ᠳᠤ ᠲᠡᠭᠡᠳᠤ ᠱᠠᠳᠤᠨ ᠤ ᠱᠠᠭᠠᠷᠳᠠᠯᠭ᠎ᠠ ᠪᠠᠷ ᠰᠠᠷᠠᠭᠤᠯᠨᠤᠳᠤᠭ ᠲᠤ 80 ᠭᠠᠷᠤᠢ ᠲᠡᠭᠰᠢ ᠲᠦᠷᠪᠡᠯᠵᠢᠨ | ᠮᠧᠲᠷ ᠤᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠠ ᠪᠠᠷ ᠪᠠᠶᠢᠭᠤᠯᠵᠠᠢ᠃ ᠰᠡᠭᠦᠯ ᠳᠤᠨᠢ ᠨᠡᠶᠢᠭᠡᠮ ᠤᠨ | ᠬᠦᠭᠵᠢᠯᠳᠡ ᠶᠢ ᠲᠠᠭᠠᠯᠳᠤᠨ ᠭᠠᠴᠠᠭᠠᠨ ᠤ ᠠᠷᠠᠳ ᠠᠭᠠᠵᠢᠮ ᠢᠶᠠᠷ ᠬᠦᠳᠡᠭᠡ ᠲᠤᠰᠬᠤᠨ ᠤ ᠬᠤᠷᠰᠢᠬᠰᠡᠨ ᠡᠮ | ᠡᠮᠨᠡᠯᠭᠡ ᠳᠤ ᠤᠷᠤᠵᠤ᠂ ᠬᠤᠪᠢ ᠬᠦᠮᠤᠨ ᠰᠦᠢᠳᠭᠡᠯ ᠲᠤᠰᠢᠶᠠᠬᠤ ᠠᠴᠠ ᠭᠠᠳᠠᠨ᠎ᠠ ᠬᠡᠰᠡᠭ ᠪᠦᠯᠦᠭ ᠵᠤᠭᠤᠰ ᠢ | ᠭᠠᠴᠠᠭᠠᠨ ᠠᠴᠠ ᠤᠷᠤᠯᠡᠨ ᠲᠤᠰᠢᠶᠠᠵᠤ᠂ ᠡᠮ ᠡᠮᠨᠡᠯᠭᠡ ᠶᠢᠨ ᠨᠦᠬᠦᠴᠡᠯ ᠤᠯᠡᠮ ᠢᠶᠠᠷ ᠰᠠᠶᠢᠵᠢᠷᠠᠬᠰᠡᠨ ᠪᠠᠶᠢᠨ᠎ᠠ᠃ | ᠦᠡᠭᠭᠡᠷᠡᠭᠰᠡᠨ ᠳᠤ ᠰᠠᠷᠠᠭᠤᠯᠨᠤᠳᠤᠭ ᠭᠠᠴᠠᠭ᠎ᠠ ᠨᠢ ᠲᠤᠰᠬᠠᠢ ᠰᠤᠷᠭᠠᠭᠤᠯᠢ ᠦᠭᠡᠢ ᠪᠠᠶᠢᠬᠰᠡᠨ ᠠᠴᠠ ᠪᠠᠨ | 1967 ᠤᠨ ᠳᠤ ᠠᠷᠪᠠᠭᠠᠳ ᠲᠠᠰᠤᠯᠭ᠎ᠠ ᠰᠢᠪᠡᠷ ᠪᠠᠶᠢᠰᠢᠩ ᠪᠠᠷᠢᠨ᠂ ᠠᠷᠠᠳ ᠠᠴᠠ ᠡᠷᠬᠢᠯᠡᠭᠰᠡᠨ ᠪᠠᠭ᠎ᠠ | ᠰᠤᠷᠭᠠᠭᠤᠯᠢ ᠶᠢ ᠪᠠᠶᠢᠭᠤᠯᠵᠤ᠂ ᠮᠠᠯᠴᠢᠳ ᠤᠨ ᠬᠡᠤᠭᠡᠳ ᠲᠤ ᠪᠢᠴᠢᠭ ᠵᠢᠭᠠᠵᠤ ᠪᠠᠶᠢᠬᠰᠡᠨ ᠶᠤᠮ᠃ ᠦᠭᠡᠷᠡᠴᠢᠯᠡᠯᠳᠡ | ᠬᠢᠵᠤ ᠴᠢᠯᠦᠭᠡᠳᠠᠢ ᠶᠠᠪᠤᠯᠴᠠᠬᠰᠡᠨ ᠤ ᠲᠠᠷᠠᠭ᠎ᠠ ᠨᠡᠩ ᠴᠤ ᠨᠦᠬᠦᠴᠡᠯ ᠰᠠᠶᠢᠵᠢᠷᠠᠨ᠂ ᠸᠠᠭᠠᠷ ᠲᠤᠭᠤᠰᠬᠠᠨ | ᠪᠦᠳᠦᠴᠨ ᠲᠠᠢ ᠠᠷᠪᠡ ᠭᠠᠷᠤᠢ ᠲᠠᠰᠤᠯᠭ᠎ᠠ ᠭᠡᠷ ᠢ ᠨᠡᠮᠡᠵᠤ ᠪᠠᠷᠢᠬᠰᠡᠨ ᠪᠦᠭᠡᠳ ᠪᠠᠭᠰᠢ ᠰᠤᠷᠤᠬᠴᠢ ᠶᠢᠨ ᠲᠤᠭ᠎ᠠ ᠴᠤ | ᠨᠡᠮᠡᠭᠳᠡᠵᠡᠢ᠃ ᠭᠡᠪᠡᠴᠤ ᠲᠡᠭᠡᠷ᠎ᠡ ᠵᠠᠭᠤᠨ ᠤ ᠶᠡᠷᠡᠭᠡᠳ ᠤᠷᠤᠨ ᠠᠴᠠ ᠡᠬᠢᠯᠡᠭᠡᠳ ᠮᠠᠯᠴᠢᠳ ᠤᠨ ᠦᠵᠡᠯ ᠤᠬᠠᠮᠰᠡᠷ ᠲᠤ | ᠬᠤᠪᠢᠷᠠᠯᠳᠡ ᠭᠠᠷᠴᠤ᠂ ᠦᠷ᠎ᠠ ᠬᠡᠤᠭᠡᠳ ᠢᠶᠠᠨ ᠰᠤᠷᠭᠠᠭᠤᠯᠢ ᠳᠤ ᠰᠠᠭᠤᠯᠭᠠᠬᠤ ᠱᠠᠭᠠᠷᠳᠠᠯᠭ᠎ᠠ ᠦᠨᠳᠤᠷᠵᠢᠬᠦ ᠶᠢ | ᠲᠠᠭᠠᠯᠳᠤᠨ ᠭᠠᠴᠠᠭ᠎ᠠ ᠲᠤᠰᠬᠤᠨ ᠤ ᠰᠤᠷᠭᠠᠭᠤᠯᠢ ᠶᠢ ᠬᠤᠰᠢᠭᠤᠨ ᠤ ᠰᠤᠷᠭᠠᠭᠤᠯᠢ ᠳᠤ ᠨᠡᠶᠢᠯᠡᠭᠦᠯᠦᠭᠰᠡᠨ ᠠᠴᠠ | ᠭᠠᠴᠠᠭᠠᠨ ᠤ ᠮᠠᠯᠴᠢᠳ ᠬᠡᠤᠭᠡᠳ ᠢᠶᠠᠨ ᠬᠤᠰᠢᠭᠤᠨ ᠲᠡᠭᠡᠷ᠎ᠡ ᠬᠦᠷᠭᠡᠨ ᠨᠡᠩ ᠰᠠᠶᠢᠨ ᠨᠦᠬᠦᠴᠡᠯ ᠲᠠᠢ | ᠰᠤᠷᠭᠠᠭᠤᠯᠢ ᠳᠤ ᠰᠤᠷᠤᠯᠴᠠᠭᠤᠯᠬᠤ ᠪᠤᠯᠤᠬᠰᠡᠨ ᠪᠠᠶᠢᠨ᠎ᠠ᠃ | ᠰᠠᠷᠠᠭᠤᠯᠨᠤᠳᠤᠭ ᠭᠠᠴᠠᠭ᠎ᠠ ᠨᠢ ᠰᠢᠨ᠎ᠠ ᠠᠯᠪᠡᠨ ᠭᠡᠷ ᠪᠠᠷᠢᠵᠤ᠂ ᠠᠯᠪᠡᠨ ᠭᠡᠷ ᠤᠨ ᠤᠷᠴᠢᠨ ᠲᠤᠭᠤᠷᠢᠨ ᠢᠶᠠᠨ | ᠲᠤᠭᠤᠰᠬ᠎ᠠ ᠲᠡᠪᠢᠰᠤᠨ ᠬᠠᠳᠠᠭᠤᠷᠠᠭᠤᠯᠤᠬᠰᠡᠨ ᠪᠦᠭᠡᠳ ᠰᠠᠬᠰᠤᠨ ᠪᠦᠮᠪᠤᠭᠡᠨ ᠲᠠᠯᠠᠪᠠᠢ᠂ ᠮᠤᠷᠢᠨ ᠤᠷᠤᠯᠳᠤᠭᠠᠨ ᠤ | ᠲᠠᠯᠠᠪᠠᠢ᠂ ᠭᠠᠴᠠᠭ᠎ᠠ ᠲᠤᠰᠬᠤᠨ ᠤ ᠨᠤᠮ ᠤᠨ ᠰᠡᠩ ᠵᠡᠷᠭᠡ ᠶᠢ ᠭᠠᠷᠭᠠᠵᠤ᠂ ᠠᠷᠠᠳ ᠤᠯᠡᠨ ᠤ ᠠᠵᠢᠯ ᠤᠨ | ᠴᠢᠯᠦᠭᠡᠨ ᠤ ᠠᠮᠢᠳᠤᠷᠠᠯ ᠢ ᠪᠠᠶᠠᠯᠢᠬᠵᠢᠭᠤᠯᠤᠬᠰᠡᠨ ᠪᠠᠶᠢᠨ᠎ᠠ᠃ | ᠨᠤᠳᠤᠭ ᠬᠦᠮᠤᠨ ᠬᠤᠶᠠᠷ ᠪᠤᠯ ᠰᠠᠯᠵᠤ ᠪᠤᠯᠤᠰᠢ ᠦᠭᠡᠢ ᠬᠤᠯᠪᠤᠭ᠎ᠠ ᠲᠠᠢ ᠪᠠᠶᠢᠵᠤ᠂ ᠬᠦᠮᠤᠨ ᠨᠤᠳᠤᠭ ᠢᠶᠠᠨ | ᠰᠠᠬᠢᠵᠤ᠂ ᠨᠤᠳᠤᠭ ᠬᠦᠮᠤᠨ ᠢᠶᠠᠨ ᠦᠯᠦᠭᠡᠶᠢᠳᠡᠵᠤ ᠪᠠᠶᠢᠳᠠᠭ᠃ ᠨᠤᠳᠤᠭ ᠪᠤᠯ ᠡᠵᠢ ︕ ᠬᠤᠷᠸ᠎ᠠ ᠶᠢᠨ ᠡᠯᠢᠭᠡᠨ ᠳᠤ | ᠮᠦᠡᠭᠭᠡ ᠤᠷᠤᠰᠢᠬᠤ ᠡᠵᠢ — ᠰᠠᠷᠠᠭᠤᠯᠨᠤᠳᠤᠭ ᠮᠢᠨᠢ ᠦᠭᠡᠷᠡᠴᠢᠯᠡᠯᠳᠡ ᠨᠡᠭᠡᠭᠡᠯᠳᠡ ᠶᠢᠨ ᠰᠢᠨ᠎ᠠ ᠡᠷᠢᠨ ᠳᠤ | ᠮᠠᠯᠴᠢᠨ ᠲᠦᠮᠡᠨ ᠢᠶᠠᠨ ᠡᠯᠢᠭᠡᠨ ᠳᠡᠭᠡᠨ ᠲᠡᠪᠡᠷᠢᠨ᠂ ᠬᠦᠰᠡᠯ ᠪᠢᠯᠬᠠᠭᠤᠯᠤᠨ ᠬᠦᠭᠵᠢᠯ ᠲᠠᠯᠠᠯᠤᠬᠰᠠᠭᠠᠷ ᠴᠤᠴᠠᠯᠳᠡ | ᠦᠭᠡᠢ ᠤᠷᠤᠬᠰᠢᠯᠠᠵᠤ ᠪᠠᠶᠢᠨ᠎ᠠ ᠁ | |