ᠪᠦᠬᠦ ᠬᠤᠳᠠ ᠶᠢᠨ ᠮᠠᠯᠴᠢᠨ ᠳᠠᠷᠢᠶᠠᠴᠢᠨ ᠬᠦᠯᠤᠰᠤᠨ ᠠᠵᠢᠯᠴᠢᠨ ᠳᠤ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠯ᠎ᠠ
ᠨᠡᠶᠢᠲᠡᠯᠡᠭᠰᠡᠨ ᠴᠠᠭ᠄
2018-08-03
      ᠤᠢᠢᠷ᠎ᠠ ᠶᠢᠨ ᠡᠳᠤᠷ᠂ ᠪᠦᠬᠦ ᠬᠤᠳᠠ ᠶᠢᠨ ᠮᠠᠯᠴᠢᠨ ᠳᠠᠷᠢᠶᠠᠴᠢᠨ ᠬᠦᠯᠤᠰᠤᠨ ᠠᠵᠢᠯᠴᠢᠨ ᠳᠤ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠢᠤᠢ ᠰᠢᠨ ᠹᠠᠩ ᠬᠤᠷᠠᠯ ᠢ ᠡᠷᠬᠢᠯᠡᠵᠤ ᠶᠠᠷᠢᠶ᠎ᠠ ᠳᠠᠯᠪᠢᠪᠠ᠃      ᠢᠤᠢ ᠰᠢᠨ ᠹᠠᠩ ᠵᠢᠭᠠᠵᠤ ᠭᠠᠷᠭᠠᠬᠤ ᠳᠠᠭᠠᠨ᠂ ᠡᠯ᠎ᠠ ᠱᠠᠳᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠯᠤᠰ ᠳᠦᠷᠦ ᠶᠢᠨ ᠵᠤᠬᠰᠤᠴᠠ ᠪᠠᠨ ᠴᠢᠨᠠᠬᠰᠢᠳᠠ ᠳᠡᠭᠡᠭᠰᠢᠯᠡᠬᠦᠯᠤᠨ᠂ ᠡᠨᠡ ᠬᠦ ᠠᠵᠢᠯ ᠢ ᠨᠢᠭᠡᠨ ᠤᠯᠤᠰ ᠳᠦᠷᠦ ᠶᠢᠨ ᠴᠢᠬᠤᠯᠠ ᠡᠬᠦᠷᠭᠡ ᠪᠤᠯᠭᠠᠨ ᠠᠳᠬᠤᠵᠤ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠳᠤᠬᠢᠷᠠᠭᠤᠯᠤᠯᠳᠠ ᠶᠤᠰᠤᠭᠠᠷ᠂ ᠮᠠᠯᠴᠢᠨ ᠳᠠᠷᠢᠶᠠᠴᠢᠨ ᠬᠦᠯᠤᠰᠤᠨ ᠠᠵᠢᠯᠴᠢᠨ ᠳᠤ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠡᠯ᠎ᠠ ᠳᠦᠷᠤᠯ ᠤᠨ ᠡᠬᠦᠷᠭᠡ ᠪᠠᠨ ᠳᠡᠷᠡ ᠶᠤᠰᠤᠭᠠᠷ ᠪᠤᠳᠠᠳᠤ ᠭᠠᠵᠠᠷ ᠲᠤᠨᠢ ᠨᠠᠶᠢᠳᠠᠪᠤᠷᠢᠵᠢᠭᠤᠯᠬᠤ ᠭᠡᠷᠡᠭᠳᠡᠢ ᠭᠡᠵᠡᠢ᠃      ᠢᠤᠢ ᠰᠢᠨ ᠹᠠᠩ ᠴᠢᠬᠤᠯᠠᠴᠢᠯᠠᠬᠤ ᠳᠠᠭᠠᠨ᠂ ᠡᠯ᠎ᠠ ᠬᠤᠰᠢᠭᠤ ᠳᠤᠭᠤᠷᠢᠭ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠨᠢᠮᠪᠠᠢ ᠶᠠᠷᠢᠯᠴᠠᠨ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠳᠦᠰᠤᠯ ᠢ ᠳᠤᠬᠳᠠᠭᠠᠨ᠂ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠢ ᠳᠤᠳᠤᠷᠬᠠᠢᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠳᠦᠷᠭᠡᠨ ᠬᠦᠳᠡᠯᠤᠯᠴᠡᠵᠤ᠂ ᠳᠦᠷᠭᠡᠨ ᠴᠡᠭᠴᠡᠯᠡᠨ ᠰᠠᠶᠢᠵᠢᠷᠠᠭᠤᠯᠬᠤ ᠭᠡᠷᠡᠭᠳᠡᠢ᠃ ᠪᠦᠬᠦ ᠳᠠᠯ᠎ᠠ ᠪᠠᠷ ᠪᠠᠶᠢᠴᠠᠭᠠᠬᠤ ᠠᠵᠢᠯ ᠢ ᠦᠷᠨᠢᠬᠦᠯᠤᠨ᠂ ᠡᠷᠤᠭᠡ ᠳᠠᠷᠠᠭᠠᠯᠠᠨ ᠪᠠᠶᠢᠳᠠᠯ ᠢ ᠤᠢᠢᠯᠠᠭᠠᠵᠤ᠂ ᠨᠢᠭᠡ ᠶᠢ ᠴᠤ ᠤᠷᠬᠢᠬᠳᠠᠭᠤᠯᠤᠯ ᠦᠭᠡᠢ ᠪᠠᠷ ᠨᠠᠷᠢᠯᠢᠭ ᠪᠠᠶᠢᠴᠠᠭᠠᠨ᠂ ᠠᠰᠠᠭᠤᠳᠠᠯ ᠢ ᠢᠯᠡᠷᠡᠬᠦᠯᠪᠡᠯ ᠴᠠᠭ ᠳᠠᠷᠤᠢ ᠳᠤᠨᠢ ᠬᠠᠯᠠᠨ ᠰᠠᠶᠢᠵᠢᠷᠠᠭᠤᠯᠵᠤ ᠰᠢᠢᠳᠪᠤᠷᠢᠯᠡᠬᠦ ᠭᠡᠷᠡᠭᠳᠡᠢ᠃ ᠤᠳᠤᠷᠢᠳᠤᠯᠭ᠎ᠠ ᠭᠡᠷᠡᠭ ᠢ ᠳᠠᠭᠠᠭᠠᠨ ᠠᠪᠴᠤ ᠰᠢᠢᠳᠪᠤᠷᠢᠯᠡᠬᠦ ᠳᠦᠷᠢᠮ ᠢ ᠭᠡᠷᠡᠭᠵᠢᠬᠦᠯᠬᠦ ᠶᠢ ᠪᠠᠷᠢᠮᠳᠠᠯᠠᠨ᠂ ︽ᠭᠤᠷᠪᠠ ᠶᠢ ᠳᠠᠯᠪᠢᠵᠤ ᠭᠠᠷᠭᠠᠬᠤ ᠦᠭᠡᠢ︾ ᠵᠠᠷᠴᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠡᠬᠦᠷᠭᠡ ᠶᠢ ᠴᠦᠮ ᠠᠳᠬᠤᠬᠤ ᠬᠦᠮᠤᠨ ᠲᠠᠢ᠂ ᠬᠠᠮᠢᠶᠠᠷᠬᠤ ᠬᠦᠮᠤᠨ ᠲᠠᠢ᠂ ᠨᠠᠶᠢᠳᠠᠪᠤᠷᠢᠵᠢᠭᠤᠯᠬᠤ ᠬᠦᠮᠤᠨ ᠲᠠᠢ ᠪᠠᠶᠢᠬᠤ ᠶᠢ ᠪᠡᠶᠡᠯᠡᠬᠦᠯᠬᠦ ᠭᠡᠷᠡᠭᠳᠡᠢ᠃ ᠬᠠᠷᠢᠭᠤᠴᠠᠯᠭ᠎ᠠ ᠶᠢ ᠨᠡᠭᠡᠮᠵᠢᠯᠡᠬᠦ ᠳᠦᠷᠢᠮ ᠢ ᠳᠤᠬᠳᠠᠭᠠᠨ᠂ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠠᠵᠢᠯ ᠳᠤ ᠰᠡᠳᠬᠢᠯ ᠢᠶᠠᠨ ᠳᠠᠯᠪᠢᠬᠤ ᠦᠭᠡᠢ᠂ ᠬᠠᠷᠢᠭᠤᠴᠠᠯᠭ᠎ᠠ ᠡᠬᠦᠷᠭᠡᠯᠡᠬᠦ ᠦᠭᠡᠢ ᠂ ᠠᠵᠢᠯᠯᠠᠭ᠎ᠠ ᠠᠪᠬᠤ ᠦᠭᠡᠢ ᠪᠤᠯ ᠬᠠᠷᠢᠭᠤᠴᠠᠯᠭ᠎ᠠ ᠨᠡᠭᠡᠮᠵᠢᠯᠡᠬᠦ ᠬᠦᠴᠤᠯᠡᠴᠡ ᠶᠢ ᠨᠡᠮᠡᠭᠳᠡᠬᠦᠯᠬᠦ ᠭᠡᠷᠡᠭᠳᠡᠢ ᠭᠡᠵᠡᠢ᠃      ᠢᠤᠢ ᠰᠢᠨ ᠹᠠᠩ ᠴᠢᠬᠤᠯᠠᠴᠢᠯᠠᠬᠤ ᠳᠠᠭᠠᠨ᠂ ᠬᠤᠳᠠ ᠶᠢᠨ ᠰᠢᠭᠤᠳ ᠬᠠᠷᠢᠶ᠎ᠠ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠴᠦᠮ ᠳᠤᠰ ᠳᠤᠰ ᠤᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠨ᠂ ᠨᠢᠬᠳᠠ ᠬᠠᠮᠵᠢᠯᠴᠠᠵᠤ᠂ ᠬᠠᠷᠢᠯᠴᠠᠨ ᠳᠡᠮᠵᠢᠨ᠂ ᠵᠡᠷᠭᠡ ᠪᠠᠷ ᠠᠳᠬᠤᠨ ᠬᠠᠮᠳᠤ ᠪᠠᠷ ᠬᠠᠮᠢᠶᠠᠷᠴᠤ᠂ ᠵᠤᠬᠢᠴᠠᠭᠤᠯᠬᠤ ᠳᠤᠬᠳᠠᠴᠠ ᠶᠢ ᠴᠢᠨᠠᠬᠰᠢᠳᠠ ᠳᠡᠬᠦᠯᠳᠡᠷᠵᠢᠬᠦᠯᠤᠨ᠂ ᠵᠦᠭ ᠵᠦᠭ ᠲᠡᠭᠡᠨ ᠡᠵᠡᠨ ᠮᠡᠳᠡᠵᠤ᠂ ᠬᠠᠷᠢᠯᠴᠠᠨ ᠮᠡᠳᠭᠡᠯᠴᠡᠵᠤ ᠬᠠᠷᠢᠭᠤᠴᠠᠯᠭ᠎ᠠ ᠪᠠᠨ ᠳᠦᠯᠬᠢᠯᠴᠡᠵᠤ ᠶᠠᠭᠠᠬᠢᠬᠰᠠᠨ ᠴᠤ ᠪᠤᠯᠬᠤ ᠦᠭᠡᠢ᠃ ᠠᠶᠤᠯ ᠳᠦᠭᠰᠢᠬᠦᠷᠢ ᠶᠢ ᠰᠡᠷᠭᠡᠶᠢᠯᠡᠨ ᠬᠤᠷᠢᠬᠯᠠᠬᠤ ᠶᠢ ᠴᠢᠨᠠᠬᠰᠢᠳᠠ ᠴᠢᠩᠭᠠᠳᠬᠠᠨ᠂ ᠠᠶᠤᠯ ᠳᠦᠭᠰᠢᠬᠦᠷᠢ ᠶᠢ ᠰᠡᠷᠭᠡᠶᠢᠯᠡᠨ ᠬᠤᠷᠢᠬᠯᠠᠬᠤ ᠤᠬᠠᠮᠰᠠᠷ ᠢ ᠪᠠᠳᠤ ᠪᠤᠢ ᠪᠤᠯᠭᠠᠵᠤ᠂ ᠭᠡᠨᠡᠳᠳᠡ ᠶᠢᠨ ᠭᠡᠷᠡᠭ ᠢ ᠪᠠᠴᠢᠮ ᠠᠷᠭᠠᠴᠠᠬᠤ ᠳᠦᠰᠤᠯ ᠢ ᠳᠡᠬᠦᠯᠳᠡᠷᠵᠢᠬᠦᠯᠤᠨ᠂ ᠪᠠᠶᠢᠳᠠᠯ ᠢ ᠴᠠᠭ ᠳᠠᠷᠤᠢ ᠳᠤᠨᠢ ᠬᠠᠷᠢᠭᠤ ᠮᠡᠳᠡᠬᠦᠯᠤᠨ᠂ ᠴᠠᠭ ᠳᠠᠷᠤᠢ ᠳᠤᠨᠢ ᠪᠠᠶᠢᠴᠠᠭᠠᠯᠳᠠ ᠬᠢᠵᠤ᠂ ᠴᠠᠭ ᠳᠠᠷᠤᠢ ᠳᠤᠨᠢ ᠳᠤᠬᠢᠳᠠᠢ ᠰᠢᠢᠳᠪᠤᠷᠢᠯᠡᠬᠦ ᠭᠡᠷᠡᠭᠳᠡᠢ ᠭᠡᠵᠡᠢ᠃      ᠬᠤᠷᠠᠯ ᠳᠡᠭᠡᠷ᠎ᠠ᠂ ᠪᠦᠬᠦ ᠬᠤᠳᠠ ᠶᠢᠨ ᠮᠠᠯᠴᠢᠨ ᠳᠠᠷᠢᠶᠠᠴᠢᠨ ᠬᠦᠯᠤᠰᠤᠨ ᠠᠵᠢᠯᠴᠢᠨ ᠤ ᠬᠦᠯᠦᠰᠦ ᠮᠦᠡᠭᠭᠦ ᠪᠠ ᠪᠠᠷᠢᠯᠭ᠎ᠠ ᠶᠢᠨ ᠬᠦᠷᠢᠶ᠎ᠠ ᠭᠡᠪᠴᠢᠶᠠᠨ ᠳᠠᠬᠢ ᠮᠠᠯᠴᠢᠨ ᠳᠠᠷᠢᠶᠠᠴᠢᠨ ᠬᠦᠯᠤᠰᠤᠨ ᠠᠵᠢᠯᠴᠢᠨ ᠳᠤ ᠦᠷᠢᠳᠦᠭᠰᠡᠨ ᠬᠦᠯᠦᠰᠦ ᠮᠦᠡᠭᠭᠦ ᠶᠢ ᠴᠡᠪᠡᠷᠯᠡᠬᠦ ᠠᠵᠢᠯ ᠤᠨ ᠪᠠᠶᠢᠳᠠᠯ ᠢ ᠨᠡᠶᠢᠳᠡᠯᠡᠵᠤ᠂ ᠵᠡᠬᠦᠨᠭᠠᠷ ᠬᠤᠰᠢᠭᠤ ᠳᠤᠷᠰᠢᠯᠭ᠎ᠠ ᠰᠤᠯᠢᠯᠴᠠᠬᠤ ᠶᠠᠷᠢᠶ᠎ᠠ ᠳᠠᠯᠪᠢᠪᠠ᠃      ᠮᠠᠨ ᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠡᠯ᠎ᠡ ᠰᠤᠮᠤ ᠪᠠᠯᠭᠠᠰᠤᠨ ᠤ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ᠂ ᠬᠤᠰᠢᠭᠤ ᠬᠤᠯᠪᠣᠭᠳᠠᠯ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号