︽8 . 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠤᠬᠤᠨᠢᠭᠤᠯᠵᠤ᠂ ᠨᠠᠮ | ᠵᠠᠰᠠᠭ ᠤᠨ ᠬᠠᠯᠠᠮᠵᠢᠯᠠᠯ ᠪᠠ ᠪᠠᠶᠠᠷ ᠤᠨ ᠡᠳᠤᠷ ᠤᠨ ᠮᠡᠨᠳᠦᠴᠢᠯᠡᠭᠡ ᠶᠢ ᠲᠡᠪᠰᠢᠭᠦᠯᠦᠭᠰᠡᠨ ᠪᠠᠶᠢᠨ᠎ᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ | ᠶᠦᠩ ᠹᠧᠩ ᠪᠤᠯᠤᠨ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠠ᠂ ᠭᠠᠯᠠᠭᠤᠳᠤ ᠪᠠᠯᠭᠠᠰᠤ ᠵᠡᠷᠭᠡ ᠪᠠᠶᠢᠭᠤᠯᠭ᠎ᠠ | ᠨᠢᠭᠡᠴᠡ ᠶᠢᠨ ᠬᠠᠷᠢᠭᠤᠴᠠᠯᠭᠠᠳᠠᠨ ᠪᠠᠷᠠᠳᠠᠨ ᠲᠤᠬᠤᠨᠢᠭᠤᠯᠪᠠ᠃ | ᠡᠷᠳᠡᠨᠢᠪᠢᠯᠢᠭ ᠨᠠᠷ ᠬᠠᠯᠠᠭᠳᠠᠭᠰᠠᠨ ᠴᠡᠷᠢᠭ ᠪᠠᠢ ᠪᠣᠤ ᠭᠠᠩ ᠪᠤᠯᠤᠨ ᠬᠤᠸᠠᠩ ᠰᠤᠶᠤᠯᠳᠤ ᠶᠢᠨ ᠬᠢᠨ ᠤ ᠳᠤ | ᠬᠦᠷᠴᠦ ᠲᠡᠳᠡᠨ ᠤ ᠠᠶᠢᠯ ᠭᠡᠷ᠂ ᠠᠵᠤ ᠠᠮᠢᠳᠤᠷᠠᠯ ᠤᠨ ᠬᠢᠨᠢ ᠲᠤᠬᠠᠢ ᠨᠠᠷᠢᠨ ᠤᠶᠢᠯᠠᠭᠠᠬᠤ ᠶᠢᠨ ᠬᠠᠮᠳᠤ | ᠲᠤᠬᠤᠨᠢᠭᠤᠯᠭ᠎ᠠ ᠶᠢᠨ ᠮᠦᠩᠭᠦ ᠭᠠᠷᠳᠠᠭᠤᠯᠪᠠ᠃ | ᠡᠷᠳᠡᠨᠢᠪᠢᠯᠢᠭ ᠲᠡᠳᠡᠨ ᠢ ᠴᠡᠷᠢᠭ ᠬᠦᠮᠦᠨ ᠤ ᠵᠣᠷᠢᠭ ᠰᠠᠨᠠᠭ᠎ᠠ ᠪᠠᠨ ᠤᠮᠠᠷᠳᠠᠯ ᠦᠭᠡᠢ ᠤᠯᠤᠰ ᠲᠦᠷᠦ ᠶᠢ | ᠡᠷᠬᠢᠮᠯᠡᠨ᠂ ᠶᠡᠭᠡ ᠲᠠᠯ᠎ᠠ ᠶᠢ ᠪᠣᠳᠣᠯᠬᠢᠯᠠᠳᠠᠭ ᠰᠢᠯᠢᠳᠡᠭ ᠤᠯᠠᠮᠵᠢᠯᠠᠯ ᠪᠠ ᠰᠢᠷᠭᠠᠭᠤ ᠬᠠᠳᠠᠭᠤᠵᠢᠯᠳᠠᠢ ᠮᠡᠷᠡᠶᠢᠨ | ᠲᠡᠮᠡᠴᠡᠳᠡᠭ ᠰᠢᠯᠢᠳᠡᠭ ᠬᠡᠪ ᠰᠤᠷᠳᠠᠯ ᠢᠶᠠᠨ ᠪᠠᠳᠤᠯᠠᠵᠤ᠂ ᠨᠡᠶᠢᠭᠡᠮ ᠤᠨ ᠠᠮᠤᠷ ᠲᠤᠭᠳᠠᠭᠤᠨ ᠪᠠ ᠠᠷᠠᠳ ᠤᠯᠠᠨ ᠤ | ᠪᠦᠯᠬᠦᠮᠳᠡᠯ ᠨᠢᠭᠲᠠᠷᠠᠯ ᠢ ᠬᠠᠮᠠᠭᠠᠯᠠᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠳᠤ ᠬᠤᠪᠢ | ᠨᠡᠮᠡᠷᠢ ᠪᠠᠨ ᠡᠷᠬᠦᠬᠦ ᠶᠢ ᠵᠣᠷᠢᠭᠵᠢᠭᠤᠯᠤᠭᠰᠠᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠰᠢ ᠶᠢᠨ ᠫᠢᠩ | ᠶᠡᠷᠦᠩᠭᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠣᠯᠳᠠ ᠶᠢᠨ ᠪᠠᠲᠤᠯᠠᠪᠤᠷᠢ ᠶᠢ ᠴᠢᠩᠭᠠᠳᠬᠠᠬᠤ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠴᠡᠷᠢᠭ ᠠᠴᠠ | ᠬᠠᠯᠠᠭᠳᠠᠭᠰᠠᠳ ᠤᠨ ᠬᠠᠮᠢᠶᠠᠷᠤᠯᠳᠠ ᠶᠢᠨ ᠪᠠᠳᠤᠯᠠᠪᠤᠷᠢ ᠶᠢ ᠦᠨᠡᠨᠬᠦ ᠴᠢᠩᠭᠠᠳᠬᠠᠵᠤ᠂ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠡ ᠶᠢᠨ ᠬᠢᠨ ᠴᠡᠷᠢᠭ ᠠᠴᠠ ᠬᠠᠯᠠᠭᠳᠠᠭᠰᠠᠳ ᠪᠠ ᠲᠡᠬᠦᠨ ᠤ ᠭᠡᠷ ᠪᠦᠯᠢ ᠶᠢ ᠨᠢ ᠬᠠᠯᠠᠮᠵᠢᠯᠠᠨ ᠬᠠᠷᠠᠭᠠᠯᠵᠠᠵᠤ᠂ | ᠲᠡᠳᠡᠨ ᠤ ᠲᠤᠷᠠᠳᠤᠭᠰᠠᠨ ᠵᠦᠢ ᠶᠤᠰᠤᠨ ᠤ ᠱᠠᠭᠠᠷᠳᠠᠯᠭ᠎ᠠ ᠶᠢ ᠰᠠᠶᠢᠳᠤᠷ ᠤᠶᠢᠯᠠᠭᠠᠵᠤ᠂ ᠠᠵᠢᠯ ᠠᠮᠢᠳᠤᠷᠠᠯ ᠳᠤᠨᠢ | ᠦᠢᠯᠡᠴᠢᠯᠡᠭᠡ ᠪᠠᠳᠤᠯᠠᠭ᠎ᠠ ᠬᠠᠩᠭᠠᠬᠤ ᠬᠡᠷᠡᠭᠲᠡᠢ ᠭᠡᠵᠡᠢ᠃ |