ᠦᠦᠰᠢᠨ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-03
      7 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠷᠠᠯ ᠳᠡᠭᠡᠷ᠎ᠡ ᠡᠯ᠎ᠡ ᠥᠭᠡᠷᠡᠴᠢᠯᠡᠯᠲᠡ ᠶᠢᠨ ᠪᠠᠭ᠎ᠠ ᠳᠤᠭᠤᠶᠢᠯᠠᠩ ᠤᠨ ᠬᠤᠯᠪᠣᠭᠳᠠᠯ ᠪᠦᠬᠦᠢ ᠠᠵᠢᠯ ᠤᠨ ᠮᠡᠳᠡᠭᠦᠯᠦᠯᠲᠡ ᠶᠢ ᠰᠣᠨᠣᠰᠤᠨ᠂ ᠠᠵᠢᠯ ᠤᠨ ᠲᠥᠰᠥᠪ ᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠡᠷᠳᠡᠨᠢᠪᠢᠯᠢᠭ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠴᠢᠶᠤᠤ ᠠᠢ ᠫᠢᠩ᠂ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠬᠤᠷᠠᠯ ᠳᠤ ᠣᠷᠣᠯᠴᠠᠵᠤ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠦ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠯᠢ ᠬᠤᠩ ᠯᠢᠶᠠᠩ᠂ ᠯᠧᠢ ᠬᠠᠰ᠂ ᠶᠠᠩ ᠵᠦᠩ ᠬᠤᠩ᠂ ᠰᠦᠨ ᠰᠢᠶᠣᠣ ᠴᠢᠶᠠᠩ᠂ ᠽᠦᠸᠧ ᠴᠧᠨ ᠭᠤᠸᠠᠩ ᠵᠢᠴᠢ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠥᠭᠡᠷᠡᠴᠢᠯᠡᠯᠲᠡ ᠶᠢᠨ ᠤᠳᠤᠷᠢᠳᠤᠮᠵᠢ ᠶᠢᠨ ᠲᠠᠯ᠎ᠠ ᠪᠠᠷ ᠤᠯᠤᠰ ᠲᠥᠷᠥ ᠶᠢᠨ ᠵᠣᠭᠰᠣᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠬᠠᠷᠠᠯᠲᠠ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠰᠡᠳᠬᠢᠴᠡ ᠪᠣᠯᠣᠨ ᠠᠷᠭ᠎ᠠ ᠪᠠᠷᠢᠯ ᠢ ᠰᠠᠮᠪᠠᠭᠠᠯᠢᠭ ᠬᠡᠷᠡᠭᠯᠡᠵᠦ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠠᠷ ᠭᠠᠷᠳᠠᠴᠠ ᠪᠣᠯᠭᠠᠵᠤ ᠣᠯᠠᠨ ᠲᠦᠮᠡᠨ ᠤ ᠥᠭᠡᠷᠡᠴᠢᠯᠡᠯᠲᠡ ᠶᠢ ᠬᠦᠷᠢᠶᠡᠯᠡᠨ ᠳᠡᠮᠵᠢᠬᠦ ᠢᠳᠡᠪᠬᠢᠵᠢᠯ ᠢ ᠳᠠᠶᠢᠴᠢᠯᠠᠨ ᠣᠯᠠᠨ ᠲᠦᠮᠡᠨ ᠬᠦᠷᠢᠶᠡᠯᠡᠭᠰᠡᠨ ᠥᠭᠡᠷᠡᠴᠢᠯᠡᠯᠲᠡ ᠨᠢ ᠦᠷ᠎ᠡ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ ᠭᠤᠣᠯᠳᠠᠯᠭ᠎ᠠ ᠶᠢᠨ ᠲᠠᠯ᠎ᠠ ᠪᠠᠷ ︽ᠥᠭᠡᠷᠡᠴᠢᠯᠡᠯᠲᠡ ᠶᠢ ᠠᠳᠬᠤᠵᠤ ᠪᠠᠶᠢᠭ᠎ᠠ ᠨᠢ ᠬᠥᠭᠵᠢᠯᠲᠡ ᠶᠢ ᠠᠳᠬᠤᠵᠤ ᠪᠠᠶᠢᠭ᠎ᠠ  ᠲᠠᠢ ᠠᠳᠠᠯᠢ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠪᠣᠯᠣᠨ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ  ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠴᠢᠨᠠᠷ ᠰᠠᠶᠢᠲᠠᠢ ᠬᠥᠭᠵᠢᠯᠲᠡ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠠᠭᠤᠰᠤᠯᠴᠠᠭᠤᠯᠬᠤ ᠶᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠲᠠᠯ᠎ᠠ ᠪᠠᠷ ᠴᠢᠨᠠᠷ ᠢ ᠪᠠᠲᠤᠯᠠᠵᠤ᠂ ᠡᠯ᠎ᠡ ᠤᠳᠤᠷᠢᠳᠬᠤ ᠳᠤᠭᠤᠶᠢᠯᠠᠩ ᠤᠨ ᠳᠠᠷᠤᠭ᠎ᠠ ᠥᠪᠡᠷ ᠤᠨ ᠪᠡᠶ᠎ᠡ ᠪᠠᠷ ᠢᠶᠠᠨ ᠬᠠᠷᠢᠭᠤᠴᠠᠨ ᠲᠦᠯᠬᠢᠨ ᠠᠬᠢᠭᠤᠯᠵᠤ᠂ ᠡᠯ᠎ᠡ ᠬᠠᠷᠢᠭᠤᠴᠠᠯᠭ᠎ᠠ ᠶᠢᠨ ᠪᠠᠶᠢᠭᠤᠯᠭ᠎ᠠ ᠨᠢᠭᠡᠴᠡ ᠨᠢ ᠨᠢᠭᠲᠠ ᠬᠠᠮᠵᠢᠯᠴᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠯᠴᠠᠭ᠎ᠠ ᠪᠣᠯᠣᠨ ᠬᠢᠨᠠᠨ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠦᠦᠰᠢᠨ ᠤ ᠦᠪᠡᠷᠮᠢᠴᠡ ᠣᠨᠴᠠᠯᠢᠭᠲᠤ ᠥᠭᠡᠷᠡᠴᠢᠯᠡᠯᠲᠡ ᠶᠢᠨ ᠭᠢᠯᠠᠰ ᠴᠡᠭ ᠢ ᠪᠦᠷᠢᠯᠳᠤᠭᠦᠯᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ ᠪᠠᠰᠠ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠢᠷᠭᠤᠭᠠᠨ ᠲᠤᠰᠬᠠᠢ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠦᠤᠰᠢᠨ ᠬᠤᠰᠢᠭᠤᠨ ᠤ ᠬᠡᠷᠡᠭᠵᠢᠭᠦᠯᠬᠦ ᠰᠠᠨᠠᠯ︾ ᠢ ᠬᠢᠨᠠᠨ ᠪᠠᠲᠤᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号