ᠦᠨᠢᠳᠠ ᠦᠯᠤ ᠬᠤᠪᠢᠷᠠᠬᠤ ᠡᠷᠤᠬᠡ ᠶᠢᠨ ᠴᠡᠷᠢᠭ ᠤᠨ ᠦᠩᠬᠡ ᠬᠡᠷᠡᠯ
ᠨᠡᠶᠢᠲᠡᠯᠡᠭᠰᠡᠨ ᠴᠠᠭ᠄
2018-08-03
      ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠤᠷ ᠬᠦᠷᠴᠦ ᠢᠷᠡᠬᠦ ᠲᠠᠰᠢᠷᠠᠮ ᠢᠶᠠᠷ ᠭᠠᠯᠠᠭᠤᠳᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠡᠷᠤᠬᠡ ᠶᠢᠨ ᠴᠡᠷᠢᠭ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠰᠢᠨ᠎ᠡ ᠴᠠᠭ ᠦᠶ᠎ᠡ ᠳᠤ ᠰᠢᠨ᠎ᠡ ᠲᠦᠷᠢ ᠲᠦᠷᠬᠦ ᠢᠶᠠᠷ ᠢᠶᠠᠨ ᠰᠢᠨ᠎ᠡ ᠠᠮᠵᠢᠯᠳᠠ ᠪᠦᠲᠦᠮᠵᠢ ᠭᠠᠷᠭᠠᠬᠤ ᠲᠤᠰᠬᠠᠢ ᠰᠡᠳᠤᠪᠳᠤ ᠠᠵᠢᠯᠯᠠᠭ᠎ᠠ ᠦᠷᠨᠢᠬᠦᠯᠪᠠ᠃      ᠠᠵᠢᠯᠯᠠᠭ᠎ᠠ ᠳᠤ ᠲᠦᠴᠢᠨ ᠵᠢᠯ ᠤᠨ ᠡᠮᠤᠨ᠎ᠡ ᠪᠠᠶ᠋ᠬᠠᠦ᠋ᠨᠳᠦᠷ ᠭᠠᠴᠠᠭᠠᠨ ᠤ ᠡᠷᠤᠬᠡ ᠶᠢᠨ ᠴᠡᠷᠢᠭ ᠲᠤ ᠣᠷᠤᠵᠦ ᠪᠠᠶᠢᠭᠰᠠᠨ ᠰᠠᠨᠳᠤᠤ ᠵᠡᠷᠭᠡ ᠲᠡᠭᠰᠢᠳᠬᠡᠭᠰᠡᠨ ᠨᠠᠰᠤ ᠨᠢ 60 ᠶᠢ ᠲᠠᠪᠠᠵᠤ ᠶᠠᠪᠤᠭ᠎ᠠ 12 ᠠᠬᠠᠮᠠᠳ ᠴᠡᠷᠢᠭ ᠭᠠᠴᠠᠭᠠᠨ  ᠳᠤ ᠢᠷᠡᠵᠦ ᠬᠤᠪᠢᠰᠬᠠᠯ ᠤᠨ ᠬᠠᠳᠠᠭᠤ ᠪᠡᠷᠬᠡᠰᠢᠶᠡᠯᠳᠤ ᠣᠨ ᠴᠠᠭ ᠲᠤ ᠵᠢᠱᠢᠶᠡᠴᠢ ᠦᠢᠯᠡᠳᠤᠯ ᠢᠶᠠᠨ ᠪᠠᠳᠠᠷᠠᠭᠤᠯᠤᠨ ᠠᠵᠢᠯ ᠬᠦᠳᠡᠯᠮᠦᠷᠢ ᠳᠤ ᠭᠠᠪᠰᠢᠭᠠᠶᠢᠯᠠᠨ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠥᠮᠡᠨ ᠳᠤ ᠦᠢᠯᠡᠴᠢᠯᠡᠵᠦ ᠪᠠᠶᠢᠭᠰᠠᠨ  ᠦᠢᠯᠡ ᠠᠵᠢᠯᠯᠠᠭ᠎ᠠ ᠪᠠᠨ ᠭᠠᠴᠠᠭᠠᠨ ᠤ ᠣᠯᠠᠨ ᠲᠠᠢ ᠬᠤᠪᠢᠶᠠᠯᠴᠠᠵᠤ ᠵᠠᠯᠠᠭᠤ ᠨᠢᠭᠡ ᠦᠶ᠎ᠡ ᠶᠢᠨ ᠬᠢᠨ ᠳᠤ ᠪᠠᠨ ᠲᠠᠭᠤᠷᠢᠶᠠᠯ  ᠦᠵᠡᠬᠦᠯᠦᠨ ᠭᠠᠴᠠᠭᠠᠨ ᠤ ᠠᠷᠠᠳ ᠤᠨ ᠠᠵᠢᠯ ᠦᠢᠯᠡᠰ ᠲᠤ ᠪᠠᠨ ᠨᠡᠩ ᠢᠯᠡᠬᠦᠤ ᠴᠢᠷᠮᠠᠶᠢᠬᠤ ᠵᠤᠷᠢᠭ ᠢ ᠬᠦᠪᠴᠢᠯᠡᠭᠰᠡᠨ ᠪᠠᠶᠢᠨ᠎ᠠ᠃      ᠠᠵᠢᠯᠯᠠᠭ᠎ᠠ ᠳᠤ ᠪᠠᠰᠠ 12 ᠠᠬᠠᠮᠠᠳ ᠴᠡᠷᠢᠭ ᠠᠴᠠ ᠭᠠᠴᠠᠭᠠᠨ ᠤ ᠶᠠᠳᠠᠭᠤ ᠬᠦᠴᠢᠷᠳᠡᠯᠳᠡᠢ ᠡᠷᠤᠬᠡ ᠮᠥᠩᠬᠦᠨᠬᠡᠷᠡᠯ ᠤᠨ ᠬᠢᠨ ᠳᠤ ᠬᠦᠷᠴᠦ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠦᠭᠰᠡᠨ ᠤ ᠬᠠᠮᠳᠤ ᠲᠡᠳᠡᠨᠡᠶᠢᠬᠢᠨ ᠢ ᠬᠠᠪᠰᠤᠷᠤᠨ ᠠᠵᠢᠯ ᠬᠦᠳᠡᠯᠮᠦᠷᠢ ᠬᠢᠵᠦ ᠴᠡᠷᠢᠭ ᠠᠷᠠᠳ ᠤᠨ ᠬᠠᠶᠢᠷ᠎ᠠ ᠰᠡᠳᠬᠢᠯᠭᠡ ᠪᠠ ᠪᠦᠯᠬᠦᠮᠳᠡᠯ ᠨᠢᠭᠳᠠᠷᠠᠯ ᠤᠨ ᠴᠢᠬᠤᠯᠠ ᠴᠢᠨᠠᠷ ᠢ ᠤᠬᠠᠭᠤᠯᠤᠨ ᠬᠠᠷᠢᠯᠴᠠᠨ ᠬᠠᠪᠰᠤᠷᠠᠯᠴᠠᠵᠤ ᠬᠠᠮᠳᠤᠪᠠᠷ ᠴᠢᠨᠡᠬᠡᠯᠢᠭᠵᠢᠬᠦ ᠢᠳᠡᠬᠡᠯ  ᠤᠨ ᠬᠦᠴᠦᠨ ᠢ ᠣᠯᠭᠤᠭᠰᠠᠨ ᠪᠠᠶᠢᠨ᠎ᠠ᠃      ᠡᠳᠡᠬᠡᠷ 12 ᠠᠬᠠᠮᠠᠳ ᠴᠡᠷᠢᠭ ᠨᠢ 1978 ᠣᠨ ᠳᠤ ᠦᠤᠰᠢᠨ ᠬᠤᠰᠢᠭᠤᠨ ᠤ ᠡᠷᠤᠬᠡ ᠶᠢᠨ ᠴᠡᠷᠢᠭ ᠤᠨ ᠲᠠᠶᠢᠨ ᠤ ᠪᠡᠯᠡᠳᠬᠡᠯ ᠠᠩᠬᠢ ᠳᠤ ᠣᠷᠤᠵᠦ᠂ ᠣᠯᠠᠨ ᠣᠳᠠᠭ᠎ᠠ ᠨᠤᠲᠤᠭ ᠣᠷᠤᠨ ᠳᠠᠭᠠᠨ ᠦᠩᠭᠡ ᠬᠡᠷᠡᠯ ᠢ ᠠᠪᠴᠢᠷᠠᠵᠦ ᠪᠠᠶᠢᠭᠰᠠᠨ ᠢᠶᠠᠷ ᠪᠠᠷᠠᠬᠤ ᠦᠭᠡᠢ ᠴᠡᠷᠢᠭ ᠠᠴᠠ ᠪᠠᠨ ᠬᠠᠯᠠᠭᠳᠠᠭᠰᠠᠨ ᠤ ᠲᠠᠷᠠᠭ᠎ᠠ ᠲᠦᠴᠢᠨ ᠵᠢᠯ ᠤᠨ ᠲᠤᠷᠰᠢ ᠮᠥᠨ ᠯᠡ ᠣᠭ ᠰᠠᠨᠠᠭ᠎ᠠ ᠪᠠᠨ ᠮᠠᠷᠳᠠᠯ ᠦᠭᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠨ᠂ ᠬᠤᠪᠢᠰᠬᠠᠯ ᠤᠨ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠦ᠂ ᠣᠷᠤᠨ ᠨᠤᠲᠤᠭ ᠤᠨ ᠬᠦᠭᠵᠢᠯᠳᠠ ᠪᠠ ᠨᠡᠶᠢᠬᠡᠮ ᠨᠡᠶᠢᠳᠡ ᠶᠢᠨ ᠡᠶ᠎ᠡ ᠵᠤᠬᠢᠴᠠᠯ ᠳᠤ ᠦᠪᠡᠷ ᠤᠨ ᠬᠤᠪᠢ ᠨᠡᠮᠡᠷᠢ ᠪᠠᠨ ᠡᠷᠬᠦᠵᠦ᠂ ᠶᠠᠳᠠᠷᠠᠭᠰᠠᠨ ᠢ ᠲᠡᠳᠬᠦᠵᠦ ᠵᠥᠳᠡᠷᠡᠭᠰᠡᠨ ᠢ ᠬᠠᠪᠰᠤᠷᠤᠨ ᠦᠪᠡᠷ ᠤᠨ ᠪᠡᠶ᠎ᠡ ᠢᠶᠠᠷ ᠬᠡᠪ ᠲᠠᠭᠤᠷᠢᠶᠠᠯ ᠪᠤᠯᠤᠭᠰᠠᠭᠠᠷ ᠢᠷᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号