ᠣᠶᠢᠷ᠎ᠠ ᠶᠢᠨ ᠡᠳᠣᠷ᠂ ᠦᠪᠦᠷ ᠮᠤᠩᠭᠤᠯ ᠤᠨ ︽ᠮᠧᠩ ᠶᠤᠸᠠᠨ︾ ᠠᠷᠡᠳ ᠤᠨ ᠤᠷᠠᠯᠢᠭ ᠤᠨ ᠰᠤᠳᠤᠯᠭᠠᠨ | ᠤ ᠨᠠᠶᠢᠬᠡᠮᠯᠢᠭ ᠤᠨ ᠠᠩᠬᠠᠳᠤᠭᠠᠷ ᠬᠤᠭᠤᠴᠠᠭᠠᠨ ᠤ ᠳ᠋ᠠᠴᠢᠩ ᠬᠦᠭᠵᠢᠮ ᠤᠨ ᠪᠤᠯᠪᠠᠰᠤᠷᠠᠯ ᠮᠠᠨ ᠤ ᠬᠤᠰᠢᠭᠤᠨ ᠳᠤ | ᠶᠠᠪᠤᠭᠳᠠᠪᠠ᠃ | ᠲᠤᠰ ᠤᠳᠠᠭᠠᠨ ᠤ ᠪᠤᠯᠪᠠᠰᠤᠷᠠᠯ ᠨᠢ ᠠᠷᠪᠡᠨ ᠡᠳᠣᠷ ᠤᠨ ᠬᠤᠭᠤᠴᠠᠭ᠎ᠠ ᠲᠠᠢ ᠶᠠᠪᠣᠭᠳᠠᠵᠤ ᠦᠤᠰᠢᠨ᠂ | ᠬᠠᠩᠬᠢᠨ᠂ ᠡᠵᠡᠨ ᠬᠤᠷᠤᠭ᠎ᠠ᠂ ᠤᠳᠤᠭ᠂ ᠣᠳᠤᠭ ᠤᠨ ᠡᠮᠤᠨᠡᠳᠤ ᠬᠤᠰᠢᠭᠤ ᠵᠡᠷᠭᠡ ᠭᠠᠵᠠᠷ ᠠᠴᠠ ᠢᠷᠡᠭᠰᠡᠨ ᠬᠤᠷᠢ | ᠭᠠᠷᠤᠢ ᠬᠦᠮᠦᠨ ᠣᠷᠣᠯᠴᠠᠵᠣ᠂ ᠳ᠋ᠠᠴᠢᠩ ᠬᠦᠭᠵᠢᠮ ᠤᠨ ᠪᠠᠭᠰᠢ ᠠᠴᠠ ᠭᠤᠤᠯᠳᠠᠭᠤ ᠳ᠋ᠠᠴᠢᠩ ᠬᠦᠭᠵᠢᠮ ᠢ ᠣᠷᠠᠨ | ᠳᠠᠮᠳᠡᠢ ᠲᠡᠯᠡᠳᠬᠦ ᠠᠷᠭ᠎ᠠ ᠪᠤᠯᠣᠨ ᠠᠷᠠᠳ ᠤᠨ ᠢᠵᠠᠭᠤᠷ ᠬᠦᠭᠵᠢᠮ ᠲᠠᠢ ᠨᠠᠶᠢᠯᠡᠬᠦᠯᠣᠨ ᠬᠦᠭᠵᠢᠮᠳᠡᠬᠦ ᠲᠠᠯ᠎ᠠ ᠪᠠᠷ | ᠬᠢᠴᠢᠶᠠᠯᠯᠡᠭᠡ ᠬᠢᠵᠤ᠂ ᠪᠤᠯᠪᠠᠰᠤᠷᠠᠯ ᠤᠨ ᠲᠠᠷᠠᠭ᠎ᠠ ᠤᠷᠤᠯᠴᠠᠭᠰᠠᠳ ᠲᠤ ᠦᠪᠦᠷ ᠮᠤᠩᠭᠤᠯ ᠤᠨ ︽ᠮᠧᠩ ᠶᠤᠸᠠᠨ︾ | ᠠᠷᠡᠳ ᠤᠨ ᠤᠷᠠᠯᠢᠭ ᠤᠨ ᠰᠤᠳᠤᠯᠭᠠᠨ ᠤ ᠨᠠᠶᠢᠭᠡᠮᠯᠢᠭ ᠤᠨ ᠭᠡᠰᠢᠭᠦᠳ ᠤᠨ ᠦᠨᠠᠮᠯᠠᠯ ᠢ ᠤᠯᠭᠤᠭᠰᠠᠨ ᠪᠠᠶᠢᠨ᠎ᠠ᠃ |