ᠮᠠᠨ ᠤ ᠬᠤᠰᠢᠭᠤ ᠤᠷᠤᠨ ᠨᠤᠳᠤᠭ ᠤᠨ ᠤᠨᠴᠠᠯᠢᠭ ᠲᠤ ᠪᠠᠨ ᠲᠤᠬᠢᠷᠠᠭᠤᠯᠤᠨ ᠵᠤᠭᠠᠴᠠᠯ ᠤᠨ ᠦᠢᠯᠡᠰ ᠢ ᠬᠦᠭᠵᠢᠬᠦᠯᠵᠦ ᠪᠤᠢ
ᠨᠡᠶᠢᠲᠡᠯᠡᠭᠰᠡᠨ ᠴᠠᠭ᠄
2018-08-03
     ᠮᠠᠨ ᠤ ᠬᠤᠰᠢᠭᠤ ᠲᠠᠯ᠎ᠠ ᠨᠤᠲᠤᠭ᠂ ᠡᠯᠡᠰᠦ ᠮᠠᠩᠬ᠎ᠠ᠂ ᠨᠠᠭᠤᠷ ᠪᠦᠷᠢᠳᠤ ᠵᠡᠷᠬᠡ ᠵᠤᠭᠠᠴᠠᠯ ᠤᠨ ᠡᠬᠢ  ᠪᠠᠶᠠᠯᠢᠭ ᠲᠤ ᠪᠠᠨ ᠰᠠᠭᠤᠷᠢᠯᠠᠨ ᠵᠡᠷᠬᠡᠯᠡᠳᠡᠭᠡ ᠮᠤᠵᠢ ᠬᠤᠳᠠ ᠶᠢᠨ ᠵᠤᠭᠠᠴᠠᠭᠰᠠᠳ ᠲᠤ ᠤᠬᠤᠷ ᠵᠠᠮ ᠤᠨ ᠠᠶᠠᠯᠠᠯ᠂ ᠨᠢᠭᠡ ᠡᠳᠦᠷ ᠤᠨ ᠠᠶᠠᠯᠠᠯ ᠵᠡᠷᠭᠡ ᠵᠤᠭᠠᠴᠠᠯ ᠤᠨ ᠵᠠᠬ᠎ᠠ ᠳᠡᠯᠭᠡᠭᠦᠷ ᠢ ᠨᠡᠬᠡᠬᠡᠵᠦ᠂ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠠᠰᠢᠭᠯᠠᠵᠤ ᠪᠠᠶᠢᠨ᠎ᠠ  ᠃      ᠡᠨᠡ ᠵᠢᠯ ᠤᠨ 7 ᠰᠠᠷ᠎ᠠ ᠠᠴᠠ ᠡᠬᠢᠯᠠᠵᠤ ᠮᠠᠨ ᠤ ᠬᠤᠰᠢᠭᠤ ᠲᠡᠮᠡᠬᠡᠳᠦ ᠬᠤᠳᠠ ᠠᠴᠠ ᠮᠠᠨ ᠤ ᠬᠤᠰᠢᠭᠤᠨ  ᠤ ᠪᠠᠶᠠᠨᠨᠠᠭᠤᠷ ᠤᠨ ᠲᠠᠯ᠎ᠠ ᠨᠤᠲᠤᠭ᠂ ᠰᠢᠷᠬᠤᠰᠤᠨ ᠤ ᠦᠵᠡᠮᠵᠢ ᠶᠢᠨ ᠤᠷᠤᠨ ᠬᠦᠷᠬᠦ ᠰᠢᠭᠤᠳ ᠨᠡᠪᠲᠡᠷᠡᠬᠦ ᠵᠤᠭᠠᠴᠠᠯ ᠤᠨ ᠲᠡᠷᠭᠡ ᠶᠢ ᠨᠡᠪᠳᠡᠷᠡᠬᠦᠯᠵᠦ᠂ ᠵᠤᠭᠠᠴᠠᠭᠰᠠᠳ ᠲᠤ ᠠᠳᠠᠯᠢ ᠪᠤᠰᠤ ᠰᠤᠶᠤᠯ ᠵᠤᠭᠠᠴᠠᠯ ᠤᠨ ᠡᠬᠢ ᠪᠠᠶᠠᠯᠢᠭ ᠢ ᠡᠳ᠋ᠯᠡᠬᠦᠯᠵᠦ ᠪᠤᠢ᠃ ᠵᠤᠭᠠᠴᠠᠭᠰᠠᠳ ᠰᠢᠭᠤᠳ ᠨᠡᠪᠲᠡᠷᠡᠬᠦ ᠵᠤᠭᠠᠴᠠᠯ ᠤᠨ ᠲᠡᠷᠬᠡᠨ ᠳᠤ ᠰᠠᠭᠤᠵᠤ ᠨᠢᠬᠡ ᠡᠳᠦᠷ ᠤᠨ ᠠᠶᠠᠯᠠᠯ ᠢᠶᠠᠷ ᠮᠠᠨ ᠤ ᠬᠤᠰᠢᠭᠤᠨ ᠤ ᠪᠠᠶᠠᠨᠨᠠᠭᠤᠷ ᠤᠨ ᠲᠠᠯ᠎ᠠ ᠨᠤᠲᠤᠭ᠂ ᠦᠤᠰᠢᠨᠵᠤᠤ ᠰᠦᠮ᠎ᠡ᠂ ᠦᠤᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠵᠡᠷᠭᠡ ᠶᠢ ᠰᠤᠨᠢᠷᠬᠠᠵᠤ᠂ ᠰᠢᠭᠤᠳ ᠨᠡᠪᠲᠡᠷᠡᠬᠦ ᠵᠤᠭᠠᠴᠠᠯ ᠤᠨ ᠲᠡᠷᠭᠡ ᠨᠢ ᠵᠤᠭᠠᠴᠠᠭᠰᠠᠳ ᠲᠤ ᠲᠦᠬᠦᠮ ᠦᠵᠡᠬᠦᠯᠵᠤ ᠨᠡᠩ ᠤᠯᠠᠨ ᠵᠤᠭᠠᠴᠠᠭᠰᠠᠳ ᠢ ᠲᠠᠳᠠᠵᠤ᠂ ᠮᠠᠨ ᠤ ᠬᠤᠰᠢᠭᠤᠨ ᠤ ᠵᠤᠭᠠᠴᠠᠯ ᠤᠨ ᠤᠷᠤᠯᠭ᠎ᠠ ᠶᠢ ᠨᠡᠮᠡᠭᠳᠡᠬᠦᠯᠵᠤ ᠪᠠᠶᠢᠨ᠎ᠠ᠃     ᠮᠠᠨ ᠤ ᠬᠤᠰᠢᠭᠤ ᠤᠶᠢᠷ᠎ᠠ ᠬᠠᠪᠢ ᠶᠢᠨ ᠭᠠᠵᠠᠷ ᠤᠷᠤᠨ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠤ ᠤᠬᠤᠷ ᠱᠤᠭᠤᠮ ᠤᠨ ᠠᠶᠠᠯᠠᠯ ᠵᠤᠭᠠᠴᠠᠯ ᠢ ᠨᠡᠭᠡᠭᠡᠨ ᠬᠦᠭᠵᠢᠬᠦᠯᠬᠦ ᠶᠢᠨ ᠬᠠᠮᠲᠤ ᠦᠵᠡᠮᠵᠢ ᠶᠢᠨ ᠤᠷᠤᠨ ᠢ ᠨᠢᠬᠡ ᠴᠤᠭᠴᠠᠵᠢᠭᠤᠯᠤᠨ ᠪᠦᠲᠦᠭᠡᠨ ᠪᠠᠶᠢᠭᠤᠯᠬᠤ᠂ ᠭᠤᠤᠯᠳᠠᠯᠭᠠᠲᠤ ᠦᠵᠡᠮᠵᠢ ᠶᠢᠨ ᠤᠷᠤᠨ᠂ ᠵᠤᠭᠠᠴᠠᠯ  ᠤᠨ ᠱᠤᠭᠤᠮ ᠤᠨ ᠦᠢᠯᠡᠴᠢᠯᠡᠭᠡᠨ ᠤ ᠲᠦᠭᠦᠭᠡᠷᠦᠮᠵᠢ ᠶᠢ ᠲᠡᠬᠦᠯᠳᠡᠷᠵᠢᠬᠦᠯᠬᠦ᠂ ᠮᠠᠯᠴᠢᠨ ᠠᠶᠢᠯ ᠤᠨ  ᠵᠤᠴᠢᠯᠠᠭ᠎ᠠ᠂ ᠦᠪᠡᠷᠳᠡᠭᠡᠨ ᠲᠡᠷᠭᠡ ᠵᠢᠯᠤᠭᠤᠳᠤᠨ ᠠᠶᠠᠯᠠᠬᠤ ᠵᠡᠷᠭᠡ ᠪᠡᠶᠡᠴᠢᠯᠡᠨ ᠣᠶᠢᠯᠠᠭᠠᠬᠤ ᠲᠦᠷᠦᠯ ᠵᠦᠢᠯ ᠢ  ᠪᠠᠶᠠᠯᠢᠭᠵᠢᠭᠤᠯᠬᠤ  ᠪᠠᠷ ᠲᠠᠮᠵᠢᠭᠤᠯᠤᠨ ᠪᠦᠬᠦ ᠤᠷᠤᠨ ᠬᠡᠪᠴᠢᠶᠠᠨ ᠤ ᠵᠤᠭᠠᠴᠠᠯ ᠤᠨ ᠬᠠᠷᠠᠯᠳᠠᠳᠤ ᠭᠠᠵᠠᠷ ᠢ ᠪᠦᠳᠦᠭᠡᠨ ᠪᠠᠶᠢᠭᠤᠯᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号