ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠤᠷ ᠵᠠᠮ ᠤᠨ ᠰᠢᠷᠬᠤᠰᠤᠨ ᠭᠤᠤᠯ ᠤᠨ ᠣᠨᠴᠠ ᠲᠤᠮᠤ ᠬᠦᠬᠦᠷᠬᠡ ᠤᠭᠰᠠᠷᠠᠬᠤ ᠠᠵᠢᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2018-08-03
     ᠣᠶᠢᠷ᠎ᠠ ᠳᠤ᠂ ᠣᠯᠣᠰ ᠤᠨ ᠨᠡᠬᠦᠷᠡᠰᠣᠨ ᠤ ᠲᠡᠬᠡᠬᠡᠪᠦᠷᠢ ᠶᠢᠨ ᠵᠠᠮ ᠱᠣᠭᠤᠮ ᠤᠨ ᠪᠦᠲᠦᠭᠡᠨ ᠪᠠᠶᠢᠭᠤᠯᠤᠯᠳᠠ  ᠶᠢᠨ ᠭᠤᠤᠯᠳᠠᠯᠭᠠᠳᠤ ᠢᠨᠵᠧᠨᠧᠷᠢᠩ ᠪᠤᠯᠬᠤ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠤᠷ ᠵᠠᠮ ᠤᠨ ᠣᠷᠳᠤᠰ ᠬᠤᠳᠠ ᠶᠢᠨ ᠬᠡᠰᠡᠭ ᠳᠠᠬᠢ ᠰᠢᠷᠬᠤᠰᠤᠨ ᠭᠤᠤᠯ ᠤᠨ ᠣᠨᠴᠠ ᠲᠤᠮᠤ ᠬᠦᠬᠦᠷᠬᠡ  ᠶᠢᠨ ᠬᠠᠮᠤᠭ ᠰᠡᠬᠦᠯᠴᠢ ᠶᠢᠨ ᠨᠢᠭᠡ ᠬᠡᠰᠡᠭ ᠬᠦᠬᠦᠷᠭᠡ ᠶᠢᠨ ᠨᠢᠷᠤᠭᠤ ᠶᠢ ᠠᠮᠵᠢᠯᠳᠠᠳᠠᠢ ᠣᠭᠰᠠᠷᠠᠭᠠᠳ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠤᠷ ᠵᠠᠮ ᠤᠨ ᠬᠤᠶᠠᠷ ᠮᠤᠵᠢ ᠶᠢᠨ ᠵᠠᠮ ᠱᠤᠭᠤᠮ ᠢ ᠠᠮᠵᠢᠯᠳᠠᠳᠠᠢ ᠨᠡᠪᠳᠡᠷᠡᠬᠦᠯᠵᠡᠢ᠃      ᠰᠢᠷᠬᠤᠰᠤᠨ ᠭᠤᠤᠯ ᠤᠨ ᠣᠨᠴᠠ ᠲᠤᠮᠤ ᠬᠦᠬᠦᠷᠬᠡ ᠨᠢ ᠮᠠᠨ ᠤ ᠬᠤᠰᠢᠭᠤᠨ ᠤ ᠰᠢᠷᠬᠤᠰᠤᠨ ᠪᠠᠯᠭᠠᠰᠤᠨ ᠳᠤ ᠪᠠᠶᠢᠷᠢᠰᠢᠵᠤ᠂ ᠪᠦᠬᠦ ᠣᠷᠳᠤ ᠨᠢ 1.9 ᠺᠢᠯᠤᠮᠧᠲᠷ᠂ ᠬᠠᠮᠤᠭ ᠦᠨᠳᠤᠷ ᠬᠦᠬᠦᠷᠬᠡ ᠶᠢᠨ ᠪᠠᠭᠠᠨ᠎ᠠ ᠶᠢᠨ ᠦᠨᠳᠤᠷ ᠨᠢ 68.5 ᠮᠧᠲᠷ ᠪᠠᠶᠢᠵᠦ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠦᠷ ᠵᠠᠮ  ᠤᠨ ᠦᠪᠦᠷ ᠮᠤᠩᠭᠤᠯ ᠳᠠᠬᠢ ᠪᠦᠲᠦᠬᠡᠨ ᠪᠠᠶᠢᠭᠤᠯᠤᠯᠳᠠ ᠶᠢᠨ ᠬᠡᠰᠡᠭ ᠤᠨ ᠬᠠᠮᠤᠭ ᠣᠷᠳᠤ ᠮᠥᠷᠲᠡᠬᠡᠨ ᠬᠠᠮᠤᠭ ᠦᠨᠳᠤᠷ ᠬᠦᠬᠦᠷᠬᠡ ᠪᠠᠶᠢᠵᠦ᠂ ᠡᠨᠡᠬᠦ ᠬᠦᠬᠦᠷᠭᠡ ᠶᠢᠨ ᠪᠦᠲᠦᠭᠡᠨ ᠪᠠᠶᠢᠭᠤᠯᠤᠯᠳᠠ ᠠᠵᠢᠯ ᠢ ᠠᠮᠵᠢᠯᠳᠠᠳᠠᠢ ᠪᠡᠶᠡᠯᠡᠬᠦᠯᠦᠭᠰᠡᠨ ᠨᠢ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠦᠷ ᠵᠠᠮ ᠤᠨ ᠦᠪᠦᠷ ᠮᠤᠩᠭᠤᠯ ᠪᠠ ᠱᠠᠨᠰᠢ ᠶᠢᠨ ᠵᠠᠮ ᠱᠣᠭᠤᠮ ᠠᠮᠵᠢᠯᠳᠠᠳᠠᠢ ᠨᠡᠪᠳᠡᠷᠡᠭᠰᠡᠨ ᠢ ᠬᠠᠷᠠᠭᠤᠯᠵᠤ ᠪᠠᠶᠢᠨ᠎ᠠ᠃ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠦᠷ ᠵᠠᠮ ᠪᠤᠯ ᠣᠯᠣᠰ ᠤᠨ ᠲᠤᠳᠤᠭᠠᠳᠤ ᠳᠠᠬᠢ ᠬᠠᠮᠤᠭ ᠤᠨ ᠣᠷᠳᠤ ᠬᠦᠨᠳᠤ ᠠᠴᠢᠶᠠᠨ ᠤ ᠲᠡᠮᠤᠷ ᠵᠠᠮ ᠤᠨ ᠲᠡᠭᠡᠭᠡᠪᠦᠷᠢ ᠶᠢᠨ ᠱᠤᠭᠤᠮ ᠪᠠᠶᠢᠵᠦ᠂ ᠡᠨᠡ ᠵᠢᠯ ᠤᠨ 3 ᠰᠠᠷ᠎ᠠ ᠶᠢᠨ 17 ᠤ ᠡᠳᠤᠷ ᠠᠴᠠ ᠡᠬᠢᠯᠡᠨ ᠪᠦᠲᠦᠭᠡᠨ ᠪᠠᠶᠢᠭᠤᠯᠤᠯᠳᠠ ᠪᠠᠨ ᠡᠬᠢᠯᠡᠬᠦᠯᠦᠭᠰᠡᠨ ᠠᠴᠠ ᠨᠠᠰᠢ ᠦᠪᠤᠷ ᠮᠤᠩᠭᠤᠯ ᠤᠨ ᠬᠠᠷᠢᠶᠠᠨ ᠳᠤ ᠨᠡᠶᠢᠳᠡ 114.2 ᠺᠢᠯᠤᠮᠧᠲᠷ ᠤᠨ ᠣᠬᠤᠷ ᠵᠠᠮ ᠲᠡᠮᠦᠷ ᠪᠠ 109.4 ᠺᠢᠯᠤᠮᠧᠲᠷ  ᠤᠨ ᠣᠷᠳᠤ ᠵᠠᠮ ᠲᠡᠮᠦᠷ ᠢ ᠲᠡᠪᠢᠰᠴᠦ᠂ ᠵᠠᠮ ᠲᠡᠮᠦᠷ ᠲᠠᠪᠢᠰᠬᠦ ᠪᠠ ᠨᠢᠷᠤᠭᠤ ᠪᠤᠰᠬᠠᠬᠤ ᠠᠵᠢᠯ ᠢᠶᠠᠨ ᠢᠵᠢᠯ ᠠᠯᠬᠤᠮ ᠢᠶᠠᠷ ᠲᠦᠯᠬᠢᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号