8 ᠰᠠᠷ᠎ᠠ ᠶᠢᠨ 1 ᠤ ᠡᠳᠦᠷ᠂ ᠮᠠᠨ ᠤ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠬᠢᠨ ᠪᠦᠬᠦ | ᠬᠤᠰᠢᠭᠤᠨ ᠤ ᠬᠠᠮᠢᠶ᠎ᠠ ᠪᠦᠬᠦᠢ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ | ᠬᠠᠷᠪᠤᠯᠲᠠ ᠶᠢᠨ ᠠᠵᠢᠯᠯᠠᠭ᠎ᠠ ᠥᠷᠨᠢᠭᠦᠯᠵᠦ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠢ | ᠪᠡᠯᠭᠡᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠡᠪᠰᠡᠭᠲᠦ ᠬᠦᠴᠦᠨ ᠤ | ᠬᠡᠯᠲᠡᠰ ᠤᠨ ᠤᠯᠤᠰ ᠲᠥᠷᠥ ᠶᠢᠨ ᠭᠡᠰᠢᠭᠦᠨ ᠵᠠᠩ ᠱᠤ᠋ ᠰᠢᠤᠸᠠᠨ᠂ ᠬᠤᠰᠢᠭᠤ ᠤᠳᠤᠷᠢᠳᠤᠯᠭ᠎ᠠ ᠸᠠᠩ ᠶᠦᠩ ᠴᠢᠩ᠂ | ᠸᠠᠩ ᠵᠢᠷᠭᠠᠯ᠂ ᠭᠤᠤ ᠬᠤ᠋᠂ ᠣᠶᠤᠨᠪᠢᠯᠢᠭ᠌᠂ ᠽᠦᠸᠧ ᠴᠧᠨ ᠭᠤᠸᠠᠩ ᠵᠢᠴᠢ ᠬᠤᠯᠪᠣᠭᠳᠠᠯ ᠪᠦᠬᠦᠢ ᠠᠯᠪᠠᠨ | ᠪᠠᠶᠢᠭᠤᠯᠭ᠎ᠠ ᠶᠢᠨ 500 ᠭᠠᠷᠤᠢ ᠬᠥᠮᠥᠰ ᠠᠵᠢᠯᠯᠠᠭᠠᠨ ᠳᠤ ᠣᠷᠣᠯᠴᠠᠭᠰᠠᠨ ᠪᠠᠶᠢᠨ᠎ᠠ᠃ | ᠬᠠᠷᠪᠤᠯᠲᠠ ᠶᠢᠨ ᠲᠤᠬᠠᠢ ᠶᠢᠨ ᠲᠠᠯᠠᠪᠤᠷ ᠲᠤ ᠺᠠᠳ᠋ᠷ ᠠᠵᠢᠯᠲᠠᠨ ᠨᠢᠭᠡᠳᠦᠯᠲᠡᠢ ᠴᠡᠷᠢᠭ ᠤᠨ ᠬᠤᠪᠴᠠᠰᠤ | ᠡᠮᠤᠰᠴᠤ ᠰᠤᠷᠭᠠᠭᠴᠢ ᠶᠢᠨ 56 ᠬᠡᠯᠪᠡᠷᠢ ᠶᠢᠨ ᠠᠦ᠋ᠲ᠋ᠤᠮᠡᠲ ᠫᠤᠤ ᠶᠢᠨ ᠪᠦᠲᠦᠴᠡ᠂ ᠴᠢᠳᠠᠪᠬᠢ ᠶᠢᠨ | ᠲᠠᠨᠢᠯᠴᠠᠭᠤᠯᠭ᠎ᠠ ᠵᠢᠴᠢ ᠫᠤᠤ ᠪᠠᠷᠢᠬᠤ᠂ ᠣᠨᠢᠯᠠᠬᠤ᠂ ᠬᠠᠷᠪᠤᠬᠤ ᠳᠤ ᠠᠩᠬᠠᠷᠬᠤ ᠵᠦᠢᠯ ᠤᠨ ᠲᠠᠶᠢᠯᠪᠤᠷᠢᠯᠠᠯᠲᠠ ᠶᠢ | ᠨᠠᠷᠢᠨ ᠰᠣᠨᠣᠰᠤᠭᠰᠠᠨ ᠤ ᠳᠠᠷᠠᠭ᠎ᠠ ᠵᠢᠩᠭᠢᠨᠢ ᠰᠤᠮᠤᠨ ᠤ ᠬᠠᠷᠪᠤᠯᠲᠠ ᠶᠢᠨ ᠠᠵᠢᠯᠯᠠᠭᠠᠨ ᠳᠤ ᠪᠡᠶᠡᠴᠢᠯᠡᠨ | ᠣᠷᠣᠯᠴᠠᠭᠰᠠᠨ ᠪᠠᠶᠢᠨ᠎ᠠ᠃ | ᠣᠶᠢᠯᠠᠭᠠᠭᠰᠠᠨ ᠢᠶᠠᠷ ᠮᠠᠨ ᠤ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠨᠢ ᠵᠢᠯ ᠪᠣᠯᠭᠠᠨ ᠨᠢᠭᠡ ᠠᠴᠠ | ᠬᠤᠶᠠᠷ ᠤᠳᠠᠭᠠᠨ ᠤ ᠬᠠᠷᠪᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠺᠠᠳ᠋ᠷ ᠠᠵᠢᠯᠲᠠᠨ ᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠨᠢᠯᠲᠠ ᠤᠬᠠᠮᠰᠠᠷ ᠢ ᠳᠡᠭᠡᠭᠰᠢᠯᠡᠭᠦᠯᠵᠦ᠂ ᠨᠠᠮ ᠵᠠᠰᠠᠭ ᠤᠨ | ᠤᠳᠤᠷᠢᠳᠤᠯᠭ᠎ᠠ ᠶᠢᠨ ᠴᠡᠷᠢᠭ ᠤᠨ ᠶᠠᠪᠤᠳᠠᠯ ᠤᠨ ᠵᠢᠯᠣᠭᠤᠳᠬᠤ ᠴᠢᠳᠠᠪᠤᠷᠢ ᠶᠢ ᠴᠢᠩᠭᠠᠳᠬᠠᠨ᠂ ᠪᠦᠬᠦ | ᠬᠤᠰᠢᠭᠤ ᠪᠠᠷ ᠢᠶᠠᠨ ᠵᠡᠪᠰᠡᠭᠲᠦ ᠴᠠᠭᠳᠠᠭᠠᠨ ᠤ ᠠᠵᠢᠯ ᠢ ᠬᠠᠯᠠᠮᠵᠢᠯᠠᠨ ᠳᠡᠮᠵᠢᠭᠰᠡᠨ ᠣᠬᠢ ᠰᠠᠶᠢᠨ ᠠᠭᠤᠷ | ᠠᠮᠢᠰᠬᠤᠯ ᠢ ᠪᠦᠷᠢᠯᠳᠤᠭᠦᠯᠵᠤ ᠪᠠᠶᠢᠨ᠎ᠠ᠃ |