ᠨᠣᠳᠣᠭᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠢ ᠬᠦᠢᠴᠡᠳᠬᠡᠬᠦ ᠳᠣᠬᠠᠢ
ᠨᠡᠶᠢᠲᠡᠯᠡᠭᠰᠡᠨ ᠴᠠᠭ᠄
2018-08-03
      ᠨᠣᠳᠣᠭᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠢ ᠳᠤᠤᠷᠠᠬᠢ ᠭᠤᠷᠪᠠᠨ ᠨᠦᠬᠦᠴᠡᠯ ᠳᠤᠤᠷ᠎ᠠ ᠭᠤᠶᠤᠪᠴᠢᠯᠠᠵᠤ ᠪᠤᠯᠤᠨ᠎ᠠ᠃      ᠨᠢᠭᠡ᠂ ᠭᠡᠷ ᠬᠤᠳᠠᠯᠳᠤᠨ ᠠᠪᠤᠭᠰᠠᠨ ᠪᠤᠶᠤ ᠲᠦᠷᠢᠶᠡᠰᠤᠯᠡᠭᠰᠡᠨ ᠪᠠᠶᠢᠳᠠᠯ ᠳᠤᠤᠷ᠎ᠠ ᠤᠷᠤᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠢ ᠭᠤᠶᠤᠪᠴᠢᠯᠠᠵᠤ ᠪᠤᠯᠤᠨ᠎ᠠ ︵ᠬᠠᠭᠠᠰ ᠵᠢᠯ ᠠᠴᠠ ᠳᠡᠭᠡᠭᠰᠢ ᠰᠠᠭᠤᠭᠰᠠᠨ ᠪᠠᠶᠢᠬᠤ ᠬᠡᠷᠡᠭᠲᠠᠢ︶᠃      ⒈ ᠲᠤᠰ ᠬᠦᠮᠦᠨ ᠪᠤᠶᠤ ᠬᠠᠷᠠᠭᠠᠯᠵᠠᠨ ᠬᠠᠮᠠᠭᠠᠯᠠᠭᠴᠢ ᠭᠤᠶᠤᠪᠴᠢᠯᠠᠨ᠎ᠠ᠃      ⒉ ᠬᠡᠷᠡᠭᠰᠡᠬᠦ ᠴᠢᠬᠤᠯᠠᠳᠠᠢ ᠮᠠᠲ᠋ᠧᠷᠢᠶᠠᠯ᠄ ① ᠭᠤᠶᠣᠪᠴᠢᠯᠠᠭᠴᠢ᠂ ᠨᠠᠶᠢᠳᠠᠭᠴᠢ᠂ ᠤᠷᠤᠯᠠᠨ ᠬᠦᠢᠴᠡᠳᠭᠡᠭᠴᠢ ᠶᠢᠨ ᠬᠠᠤᠯᠢ ᠶᠢᠨ ᠬᠦᠴᠦᠨ ᠲᠠᠢ ᠪᠡᠶ᠎ᠡ ᠶᠢᠨ ᠦᠨᠡᠮᠯᠡᠯ᠃ ② ᠭᠡᠷ ᠬᠦᠷᠦᠩᠭᠡ ᠶᠢᠨ ᠦᠨᠡᠮᠯᠡᠯ᠂ ᠭᠡᠷ ᠪᠠᠶᠢᠰᠢᠩ ᠲᠦᠷᠢᠶᠡᠰᠤᠯᠡᠬᠦ ᠭᠡᠷ᠎ᠡ᠂ ᠪᠡᠶᠢᠭᠤᠯᠭ᠎ᠠ ᠨᠢᠭᠡᠴᠢ ᠶᠢᠨ ᠪᠠᠶᠢᠷᠢ ᠳᠤ ᠰᠠᠭᠤᠬᠤ ᠭᠡᠷᠡᠴᠢ᠂ ᠭᠡᠷ ᠤᠨ ᠡᠵᠡᠨ  ᠤ ᠭᠡᠷ ᠬᠤᠳᠠᠯᠳᠤᠨ ᠠᠪᠤᠭᠰᠠᠨ ᠭᠡᠷ᠎ᠡ ᠪᠢᠴᠢᠭ᠂ ᠭᠡᠷ ᠤᠨ ᠡᠵᠡᠨ ᠤ ᠪᠡᠶ᠎ᠡ ᠶᠢᠨ ᠦᠨᠡᠮᠯᠡᠯ᠃      ⒊ ᠠᠵᠢᠯᠯᠠᠬᠤ ᠴᠠᠭ ᠲᠤ ᠲᠤᠰ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠤᠴᠢᠵᠤ ᠭᠠᠷ ᠬᠦᠢᠴᠡᠳᠭᠡᠯ ᠬᠢᠨ᠎ᠡ᠃      ᠬᠤᠶᠠᠷ᠄ ᠲᠤᠰ ᠭᠠᠵᠠᠷ ᠤᠷᠤᠨ ᠳᠤ ᠤᠳᠠᠭᠠᠨ ᠵᠢᠯ ᠰᠤᠷᠤᠯᠴᠠᠭᠰᠠᠨ ᠨᠦᠬᠦᠴᠡᠯ ᠳᠤᠤᠷ᠎ᠠ ᠤᠷᠤᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠢ ᠭᠤᠶᠤᠪᠴᠢᠯᠠᠵᠤ ᠪᠤᠯᠤᠨ᠎ᠠ ︵ᠬᠠᠭᠠᠰ ᠵᠢᠯ ᠠᠴᠠ ᠳᠡᠭᠡᠭᠰᠢ ᠰᠠᠭᠤᠭᠰᠠᠨ ᠪᠠᠶᠢᠬᠤ ᠬᠡᠷᠡᠭᠲᠠᠢ︶᠃      ⒈ ᠲᠤᠰ ᠬᠦᠮᠦᠨ ᠪᠤᠶᠤ ᠬᠠᠷᠠᠭᠠᠯᠵᠠᠨ ᠬᠠᠮᠠᠭᠠᠯᠠᠭᠴᠢ ᠭᠤᠶᠤᠪᠴᠢᠯᠠᠨ᠎ᠠ᠃      ⒉ ᠬᠡᠷᠡᠭᠰᠡᠬᠦ ᠴᠢᠬᠤᠯᠠᠳᠠᠢ ᠮᠠᠲ᠋ᠧᠷᠢᠶᠠᠯ᠄ ① ᠭᠤᠶᠣᠪᠴᠢᠯᠠᠭᠴᠢ᠂ ᠨᠠᠶᠢᠲᠠᠭᠴᠢ᠂ ᠤᠷᠤᠯᠠᠨ ᠬᠦᠢᠴᠡᠳᠭᠡᠭᠴᠢ ᠶᠢᠨ ᠬᠠᠤᠯᠢ ᠶᠢᠨ ᠬᠦᠴᠦᠨ ᠲᠠᠢ ᠪᠡᠶ᠎ᠡ ᠶᠢᠨ ᠦᠨᠡᠮᠯᠡᠯ᠃ ② ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ᠂ ᠳᠤᠮᠳᠠ ᠳᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠤᠶᠤ ᠡᠩ ᠤᠨ ᠳᠡᠭᠡᠳᠤ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠦᠨᠡᠮᠯᠡᠯ ᠪᠠ ᠭᠡᠷᠡᠴᠢᠯᠡᠬᠦ ᠪᠢᠴᠢᠭ ᠮᠠᠲ᠋ᠧᠷᠢᠶᠠᠯ᠃ ③ ᠲᠤᠰ ᠬᠦᠮᠦᠨ ᠤ ᠰᠡᠭᠦᠳᠡᠷ᠃      ⒊ ᠠᠵᠢᠯᠯᠠᠬᠤ ᠴᠠᠭ ᠲᠤ ᠲᠤᠰ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠤᠴᠢᠵᠤ ᠭᠠᠷ ᠭᠦᠢᠴᠡᠳᠭᠡᠯ ᠬᠢᠨ᠎ᠡ᠃      ᠭᠤᠷᠪᠠ᠄ ᠲᠤᠰ ᠭᠠᠵᠠᠷ ᠤᠷᠤᠨ ᠳᠤ ᠬᠠᠤᠯᠢ ᠳᠤ ᠨᠡᠶᠢᠴᠡᠬᠦ ᠲᠤᠭᠳᠠᠭᠰᠠᠨ ᠠᠵᠢᠯ ᠲᠠᠢ ᠬᠦᠮᠦᠰ ᠤᠷᠤᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠭᠤᠶᠤᠪᠴᠢᠯᠠᠵᠤ ᠪᠤᠯᠤᠨ᠎ᠠ ︵ᠬᠠᠭᠠᠰ ᠵᠢᠯ ᠠᠴᠠ ᠳᠡᠭᠡᠭᠰᠢ ᠰᠠᠭᠤᠭᠰᠠᠨ ᠪᠠᠶᠢᠬᠤ ᠬᠡᠷᠡᠭᠲᠠᠢ︶᠃      ⒈ ᠲᠤᠰ ᠬᠦᠮᠦᠨ ᠪᠤᠶᠤ ᠬᠠᠷᠠᠭᠠᠯᠵᠠᠨ ᠬᠠᠮᠠᠭᠠᠯᠠᠭᠴᠢ ᠭᠤᠶᠤᠪᠴᠢᠯᠠᠨ᠎ᠠ᠃      ⒉ ᠬᠡᠷᠡᠭᠰᠡᠬᠦ ᠴᠢᠬᠤᠯᠠᠳᠠᠢ ᠮᠠᠲ᠋ᠧᠷᠢᠶᠠᠯ᠄ ① ᠭᠤᠶᠣᠪᠴᠢᠯᠠᠭᠴᠢ᠂ ᠨᠠᠶᠢᠲᠠᠭᠴᠢ᠂ ᠤᠷᠤᠯᠠᠨ ᠬᠦᠢᠴᠡᠳᠭᠡᠭᠴᠢ ᠶᠢᠨ ᠬᠠᠤᠯᠢ ᠶᠢᠨ ᠬᠦᠴᠦᠨ ᠲᠠᠢ ᠪᠡᠶ᠎ᠡ ᠶᠢᠨ ᠦᠨᠡᠮᠯᠡᠯ᠃ ② ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠡᠯᠰᠡᠨ ᠬᠡᠷᠡᠭᠯᠡᠬᠦ ᠪᠢᠴᠢᠭ ᠮᠠᠲ᠋ᠧᠷᠢᠶᠠᠯ᠂ ᠠᠵᠤ ᠦᠢᠯᠡᠰ ᠤᠨ ᠬᠦᠳᠡᠯᠮᠤᠷᠢ ᠶᠢᠨ ᠭᠡᠷ᠎ᠡ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠵᠡᠩᠨᠡᠯᠲᠡ ᠶᠢᠨ ᠪᠠᠲᠤᠯᠠᠪᠤᠷᠢ ᠪᠢᠴᠢᠭ᠃ ③ᠲᠤᠰ ᠬᠦᠮᠦᠨ ᠤ ᠰᠡᠭᠦᠳᠡᠷ᠃      ⒊ ᠠᠵᠢᠯᠯᠠᠬᠤ ᠴᠠᠭ ᠲᠤ ᠲᠤᠰ ᠭᠠᠵᠠᠷ ᠤᠨ ᠢᠶᠠᠨ ᠲᠤᠮᠢᠯᠠᠭᠰᠠᠨ ᠰᠠᠯᠪᠤᠷᠢ ᠳᠤ ᠤᠴᠢᠵᠤ ᠭᠠᠷ ᠬᠦᠢᠴᠡᠳᠭᠡᠯ ᠬᠢᠨ᠎ᠡ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号