7 ᠰᠠᠷ᠎ᠠ ᠶᠢᠨ 24 ᠤ ᠡᠳᠥᠷ ᠤᠷᠳᠤᠰ ᠬᠤᠲᠠ ᠶᠢᠨ ᠰᠢᠨ ᠢᠤᠢ ᠬᠥᠳᠡᠯᠮᠥᠷᠢ ᠥᠢᠯᠡᠴᠢᠯᠡᠭᠡᠨ ᠤ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠠᠤᠯᠢ ᠪᠠᠷ ᠲᠤᠬᠳᠠᠬᠰᠠᠨ ᠲᠥᠯᠥᠭᠡᠯᠡᠭᠴᠢ ᠯᠢᠤ ᠭᠥᠸᠧ ᠬᠤ᠋ ᠭᠠᠷ | ᠤᠳᠠᠰᠤ ᠪᠠᠷ ᠬᠤᠰᠢᠭᠤ ᠥᠢᠯᠡᠳᠪᠥᠷᠢ ᠬᠤᠳᠠᠯᠳᠤᠭᠠᠨ ᠤ ᠲᠤᠪᠴᠢᠶ᠎ᠠ ᠠᠴᠠ ᠲᠠᠷᠬᠠᠭᠠᠭᠰᠠᠨ ᠠᠩᠬᠠᠳᠠᠭᠴᠢ ᠠᠵᠤ | ᠠᠬᠤᠢᠢᠯᠠᠯ ᠤᠨ ᠡᠯᠧᠺᠲᠷᠤᠨ ᠡᠵᠡᠩᠨᠡᠯᠲᠡ ᠶᠢᠨ ᠪᠠᠲᠤᠯᠠᠪᠤᠷᠢ ᠪᠢᠴᠢᠭ ᠢ ᠬᠥᠯᠢᠶᠡᠨ ᠠᠪᠤᠭᠰᠠᠨ ᠨᠢ ᠥᠥᠰᠢᠨ | ᠬᠤᠰᠢᠭᠤᠨ ᠤ ᠠᠵᠤ ᠠᠬᠤᠢᠢᠯᠠᠯ ᠤᠨ ᠲᠠᠩᠰᠠᠯᠠᠯᠲᠠ ᠵᠢᠩᠬᠢᠨᠢ ᠪᠠᠷ ︽ᠺᠤᠮᠫᠢᠦ᠋ᠲ᠋ᠧᠷᠴᠢᠯᠡᠭᠰᠡᠨ ᠬᠢᠨᠠᠨ ᠵᠥᠪᠰᠢᠶᠡᠷᠡᠬᠦ | ᠴᠠᠭ ᠥᠶ᠎ᠡ︾ ᠳᠤ ᠲᠠᠪᠰᠢᠨ ᠤᠷᠤᠭᠰᠠᠠ ᠢ ᠬᠠᠷᠠᠭᠤᠯᠵᠠᠢ᠃ ᠮᠡᠨ ᠤ ᠬᠤᠰᠢᠭᠤ ᠠᠵᠤ ᠠᠬᠤᠢᠢᠯᠠᠯ ᠢ ᠲᠠᠩᠰᠠᠯᠠᠬᠤ | ᠳᠤ ︽ᠰᠥᠯᠵᠢᠶᠡᠨ ᠲᠡᠭᠡᠷ᠎ᠡ ᠲᠤᠰᠢᠶᠠᠬᠤ᠂ ᠰᠥᠯᠵᠢᠶᠡᠨ ᠲᠡᠭᠡᠷ᠎ᠡ ᠭᠠᠷ ᠤᠨ ᠥᠰᠥᠭ ᠵᠢᠷᠤᠬᠤ᠂ ᠰᠥᠯᠵᠢᠶᠡᠨ | ᠲᠡᠭᠡᠷ᠎ᠡ ᠬᠢᠨᠠᠨ ᠪᠠᠶᠢᠴᠠᠭᠠᠬᠤ᠂ ᠰᠥᠯᠵᠢᠶᠡᠨ ᠲᠡᠭᠡᠷ᠎ᠡ ᠬᠢᠨᠠᠨ ᠵᠥᠪᠰᠢᠶᠡᠷᠡᠬᠦ᠂ ᠰᠥᠯᠵᠢᠶᠡᠨ ᠳᠡᠭᠡᠷ᠎ᠡ ᠰᠡᠭᠦᠳᠡᠷ | ᠲᠠᠲᠠᠬᠤ᠂ ᠡᠯᠧᠺᠲᠷᠤᠨ ᠲᠠᠩᠰᠠᠨ ᠳᠤ ᠤᠷᠤᠭᠤᠯᠬᠤ︾ ᠶᠢ ᠪᠡᠶᠡᠯᠡᠭᠦᠯᠥᠭᠰᠡᠨ ᠪᠠᠶᠢᠨ᠎ᠠ᠃ ᠭᠤᠶᠤᠴᠢᠯᠠᠭᠴᠢ ᠠᠴᠠ | ᠮᠠᠲ᠋ᠧᠷᠢᠶᠠᠯ ᠢᠶᠠᠨ ᠲᠤᠰᠢᠶᠠᠵᠤ ᠤᠷᠢᠳᠴᠢᠯᠠᠨ ᠬᠢᠨᠠᠯᠲᠠ ᠶᠢ ᠲᠠᠮᠵᠢᠭᠰᠠᠨ ᠤ ᠲᠠᠷᠠᠭ᠎ᠠ ᠰᠥᠯᠵᠢᠶᠡᠨ ᠲᠡᠭᠡᠷ᠎ᠡ ᠭᠠᠷ ᠤᠨ | ᠥᠰᠥᠭ ᠵᠢᠷᠤᠵᠥ᠂ ᠠᠵᠤ ᠠᠬᠤᠢᠢᠯᠠᠯ ᠤᠨ ᠭᠤᠶᠤᠴᠢᠯᠠᠭᠴᠢ ᠭᠡᠷ ᠠᠴᠠ ᠪᠠᠨ ᠭᠠᠷᠬᠤ ᠥᠭᠡᠢ ᠡᠵᠡᠩᠨᠡᠯᠲᠡ ᠶᠢᠨ | ᠪᠠᠲᠤᠯᠠᠪᠤᠷᠢ ᠪᠢᠴᠢᠭ ᠢᠶᠠᠨ ᠭᠥᠢᠴᠡᠳᠭᠡᠵᠤ ᠪᠤᠯᠬᠤ ᠪᠤᠯᠤᠭᠰᠠᠨ ᠪᠠᠶᠢᠨ᠎ᠠ᠃ | ᠪᠥᠬᠦ ᠶᠠᠪᠤᠴᠠ ᠶᠢ ᠡᠯᠧᠺᠲᠷᠤᠨᠴᠢᠯᠡᠭᠰᠡᠨ ᠲᠠᠩᠰᠠᠯᠠᠬᠤ ᠲᠥᠷᠢᠮ ᠤᠨ ᠦᠬᠡᠷᠡᠴᠢᠯᠡᠯᠳᠡ ᠶᠢ | ᠭᠡᠷᠡᠭᠵᠢᠭᠦᠯᠦᠭᠰᠡᠨ ᠤ ᠲᠠᠷᠠᠭ᠎ᠠ ᠲᠠᠷᠬᠠᠭᠠᠭᠰᠠᠨ ᠡᠯᠧᠺᠲᠷᠤᠨ ᠡᠵᠡᠩᠨᠡᠯᠲᠡ ᠶᠢᠨ ᠪᠠᠲᠤᠯᠠᠪᠤᠷᠢ ᠪᠢᠴᠢᠭ ᠨᠢ ᠴᠠᠭᠠᠰᠤᠨ | ᠡᠵᠡᠩᠨᠡᠯᠲᠡ ᠶᠢᠨ ᠪᠠᠲᠤᠯᠠᠪᠤᠷᠢ ᠪᠢᠴᠢᠭ ᠲᠠᠢ ᠠᠳᠠᠯᠢ ᠬᠠᠤᠯᠢ ᠶᠢᠨ ᠬᠥᠴᠥᠨ ᠲᠠᠢ᠃ ︽ᠥᠨᠥ ᠪᠠᠲᠤᠯᠠᠪᠤᠷᠢ ᠶᠢᠨ | ᠪᠢᠴᠢᠭ ᠭᠠᠷᠭᠠᠵᠤ ᠠᠪᠬᠤ ᠳᠤ ᠨᠢᠭᠡ ᠤᠳᠠᠭ᠎ᠠ ᠴᠤ ᠬᠥᠶᠥᠬᠦ ᠬᠡᠷᠡᠭ ᠥᠭᠡᠢ ᠪᠤᠯᠤᠭᠰᠠᠨ ᠪᠠᠶᠢᠨ᠎ᠠ ᠰᠢᠤ᠂ ᠮᠠᠨ ᠤ | ᠠᠵᠤ ᠠᠬᠤᠢᠢᠯᠠᠯ ᠤᠨ ᠬᠢᠨ ᠳᠤ ᠠᠪᠴᠤ ᠬᠡᠯᠡᠪᠡᠯ ᠭᠠᠳᠠᠭᠰᠢ ᠭᠠᠷᠤᠭᠠᠳ ᠬᠥᠮᠥᠨ ᠬᠠᠷ᠎ᠠ ᠲᠠᠢ ᠡᠷᠬᠢᠯᠡᠭᠰᠡᠨ ᠠᠵᠢᠯ | ᠶᠠᠷᠢᠯᠴᠠᠬᠤ ᠳᠤ ᠰᠢᠭᠤᠳ ᠡᠯᠧᠺᠲᠷᠤᠨ ᠡᠵᠡᠩᠨᠡᠯᠲᠡ ᠶᠢᠨ ᠪᠠᠲᠤᠯᠠᠪᠤᠷᠢ ᠪᠢᠴᠢᠭ ᠢᠶᠠᠨ ᠥᠵᠡᠭᠦᠯᠪᠡᠯ ᠪᠤᠯᠴᠢᠬᠠᠨ᠎ᠠ︾ | ᠭᠡᠵᠥ ᠯᠢᠤ ᠭᠥᠸᠧ ᠬᠤ᠋ ᠡᠨᠡ ᠥᠭᠡᠷᠡᠴᠢᠯᠡᠯᠲᠡ ᠳᠤ ᠲᠤᠩ ᠰᠡᠳᠬᠢᠯ ᠬᠠᠨᠤᠮᠵᠢᠳᠡᠢ ᠶᠠᠷᠢᠵᠤ ᠪᠠᠶᠢᠯ᠎ᠠ᠃ | ᠠᠳᠠᠯᠢ ᠪᠤᠰᠤ ᠬᠥᠮᠥᠰ ᠤᠨ ᠠᠵᠢᠯ ᠲᠦᠷᠦᠯ ᠤᠨ ᠤᠨᠴᠠᠯᠢᠭ ᠪᠠ ᠬᠡᠷᠡᠭᠴᠡᠭᠡ ᠳᠤ ᠲᠤᠬᠢᠷᠠᠭᠤᠯᠵᠤ ᠬᠤᠰᠢᠭᠤ | ᠥᠢᠯᠡᠳᠪᠥᠷᠢ ᠬᠤᠳᠠᠯᠳᠤᠭᠠᠨ ᠤ ᠲᠤᠪᠴᠢᠶ᠎ᠠ ᠨᠢ ᠡᠯᠧᠺᠲᠷᠤᠨᠴᠢᠯᠠᠭᠰᠠᠨ ᠲᠠᠪᠴᠠᠩ ᠢ ᠪᠥᠬᠦ ᠲᠠᠯ᠎ᠠ ᠪᠠᠷ | ᠬᠡᠷᠡᠭᠵᠢᠭᠦᠯᠥᠨ ᠲᠠᠩᠰᠠᠯᠠᠬᠤ ᠶᠢᠨ ᠬᠠᠮᠲᠤ ᠴᠤᠩᠬᠤᠪᠴᠢ ᠲᠡᠭᠡᠷ᠎ᠡ ᠤᠤᠯ ᠤᠨ ᠤᠯᠠᠮᠵᠢᠯᠠᠯᠲᠤ ᠴᠠᠭᠠᠰᠤᠨ ᠲᠡᠭᠡᠷ᠎ᠡ | ᠭᠤᠶᠤᠴᠢᠯᠠᠬᠤ ᠶᠢ ᠬᠥᠯᠢᠶᠡᠨ ᠠᠪᠴᠤ᠂ ᠴᠠᠭᠠᠰᠤᠨ ᠤ ︵ᠬᠠᠭᠠᠰ ᠶᠠᠪᠤᠴᠠ ᠶᠢᠨ︶ ᠡᠯᠧᠺᠲᠷᠤᠨᠴᠢᠯᠠᠭᠰᠠᠨ | ᠲᠠᠩᠰᠠᠯᠠᠬᠤ ᠪᠠ ᠺᠤᠮᠫᠢᠦ᠋ᠲ᠋ᠧᠷᠴᠢᠯᠡᠭᠰᠡᠨ ︵ᠪᠥᠬᠦ ᠶᠠᠪᠤᠴᠠ ᠶᠢᠨ︶ ᠡᠯᠧᠺᠲᠷᠤᠨᠴᠢᠯᠠᠭᠰᠠᠨ ᠲᠠᠩᠰᠠᠯᠠᠬᠤ ᠮᠠᠶ᠋ᠢᠭ ᠢ | ᠠᠬᠢᠭᠤᠯᠵᠤ᠂ ᠰᠥᠯᠵᠢᠶᠡᠨ ᠲᠡᠭᠡᠷ᠎ᠡ ᠪᠠ ᠲᠤᠬᠠᠢ ᠶᠢᠨ ᠲᠠᠯᠠᠪᠠᠢ ᠳᠤ ᠲᠠᠩᠰᠠᠯᠠᠬᠤ ᠤᠴᠢᠷ ᠬᠤᠭᠤᠷᠤᠨᠲᠤ ᠪᠠᠨ | ᠬᠠᠷᠰᠢᠯᠠᠬᠤ ᠥᠭᠡᠢ ᠪᠠᠶᠢᠵᠤ᠂ ᠤᠯᠠᠨ ᠲᠥᠮᠡᠨ ᠳᠤ ᠲᠥᠭᠦᠮ ᠦᠵᠡᠭᠦᠯᠵᠦ ᠪᠠᠶᠢᠨ᠎ᠠ᠃ |