ᠮᠡᠨ ᠤ ᠬᠤᠰᠢᠭᠤ ᠺᠠᠳ᠋ᠷᠴᠤᠳ ᠤᠨ ᠰᠢᠨ᠎ᠠ ᠴᠠᠭ ᠦᠶ᠎ᠡ ᠳᠤ ᠰᠢᠨ᠎ᠠ ᠬᠠᠷᠢᠭᠤᠴᠠᠯᠭ᠎ᠠ ᠡᠭᠦᠷᠭᠡᠯᠡᠨ ᠰᠢᠨ᠎ᠡ ᠠᠮᠵᠢᠯᠳᠠ ᠭᠠᠷᠭᠠᠬᠤ ᠶᠢ ᠵᠤᠷᠢᠭᠵᠢᠭᠤᠯᠵᠤ ᠪᠤᠢ
ᠨᠡᠶᠢᠲᠡᠯᠡᠭᠰᠡᠨ ᠴᠠᠭ᠄
2018-08-06
     ᠣᠶᠢᠷ᠎ᠠ ᠶᠢᠨ ᠡᠳᠦᠷ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠠᠴᠠ ︽ᠦᠷᠭᠡᠨ ᠣᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠭᠦᠷᠭᠡᠯᠡᠨ ᠰᠢᠨ᠎ᠡ ᠠᠮᠵᠢᠯᠳᠠ ᠭᠠᠷᠭᠠᠬᠤ ᠶᠢ ᠣᠯᠠᠮ ᠴᠢᠨᠠᠭᠰᠢᠳᠠ ᠵᠣᠷᠢᠭᠵᠢᠭᠤᠯᠬᠤ ᠲᠣᠬᠠᠢ ᠰᠠᠨᠠᠯ︾ ᠢ ᠢᠯᠡ ᠨᠡᠶᠢᠳᠠᠯᠡᠵᠦ᠂ ᠡᠯ᠎ᠡ ᠱᠠᠳᠣᠨ ᠤ ᠣᠳᠣᠷᠢᠳᠬᠤ ᠺᠠᠳ᠋ᠷ ᠢ ᠬᠦᠮᠦᠵᠢᠭᠦᠯᠵᠦ ᠲᠠᠭᠠᠭᠤᠯᠣᠨ ᠵᠢᠱᠢᠶᠡᠴᠢ ᠲᠠᠭᠤᠷᠢᠶᠠᠯ ᠪᠣᠯᠭᠠᠵᠣ᠂ ᠰᠢᠨ᠎ᠠ ᠬᠠᠷᠢᠭᠤᠴᠠᠯᠭ᠎ᠠ ᠡᠭᠦᠷᠭᠡᠯᠡᠬᠦ ᠪᠠᠷ ᠬᠠᠷᠢᠭᠤᠴᠠᠯᠭ᠎ᠠ ᠡᠭᠦᠷᠭᠡᠯᠡᠬᠦ ᠶᠢ ᠲᠠᠶᠢᠴᠢᠯᠠᠨ᠂ ᠰᠢᠨ᠎ᠡ ᠠᠮᠵᠢᠯᠳᠠ ᠭᠠᠷᠭᠠᠬᠤ ᠪᠠᠷ ᠠᠮᠵᠢᠯᠳᠠ ᠭᠠᠷᠭᠠᠬᠤ ᠶᠢ ᠠᠬᠢᠭᠤᠯᠬᠤ ᠭᠡᠷᠡᠭᠳᠡᠢ ᠭᠡᠵᠦ ᠳᠣᠷᠠᠳᠣᠭᠰᠠᠨ ᠪᠠᠶᠢᠨ᠎ᠠ᠃ ᠨᠡᠶᠢᠬᠡᠮ ᠲᠠᠶᠠᠭᠠᠷ ᠤᠨ ᠬᠦᠷᠢᠶᠡᠯᠡᠯ ᠢᠶᠠᠷ  ᠮᠡᠨ ᠤ ᠬᠤᠰᠢᠭᠤᠨ ᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠣᠬᠠᠭᠤᠯᠬᠤ ᠪᠦᠯᠬᠦᠮ︾ ᠤᠨ ᠣᠬᠠᠭᠤᠯᠬᠤ ᠠᠵᠢᠯ ᠨᠢ ᠪᠦᠬᠦ ᠬᠤᠰᠢᠭᠤᠨ ᠤ ᠡᠯ᠎ᠡ ᠰᠢᠰᠲ᠋ᠧᠮ ᠤᠨ ᠪᠠᠶᠢᠭᠤᠯᠭ᠎ᠠ ᠨᠢᠭᠡᠴᠢ ᠶᠢᠨ ᠲᠣᠮᠳᠠ ᠯᠠᠪᠳᠠᠭᠤᠨ ᠪᠠᠳᠣᠳᠠᠢ ᠦᠷᠭᠦᠯᠵᠢᠯᠡᠵᠦ ᠪᠣᠢ᠃      ᠬᠤᠰᠢᠭᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠣᠬᠠᠭᠤᠯᠬᠤ ᠪᠦᠯᠬᠦᠮ︾ ᠨᠢ 2018 ᠣᠨ ᠤ 4 ᠰᠠᠷ᠎ᠠ ᠳᠤ ᠪᠠᠶᠢᠭᠤᠯᠣᠭᠳᠠᠵᠣ᠂ ᠬᠤᠰᠢᠭᠤ ᠨᠠᠮ ᠤᠨ ᠬᠤᠷᠢᠶᠠᠨ  ᠤ ᠨᠠᠮ ᠤᠨ ᠰᠣᠷᠭᠠᠭᠤᠯᠢ᠂ ᠣᠬᠠᠭᠤᠯᠬᠤ ᠬᠡᠯᠳᠡᠰ᠂ ᠣᠯᠣᠰ ᠲᠦᠷᠦ ᠬᠠᠣᠯᠢ ᠴᠠᠭᠠᠵᠠ ᠶᠢᠨ ᠬᠤᠷᠢᠶ᠎ᠠ᠂ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠵᠡᠷᠭᠡ ᠪᠠᠶᠢᠭᠤᠯᠭ᠎ᠠ ᠨᠢᠭᠡᠴᠢ ᠶᠢᠨ 24 ᠨᠠᠷ᠎ᠡ ᠲᠣᠬᠠᠶᠢᠯᠠᠭᠰᠠᠨ ᠠᠵᠢᠯ ᠤᠨ ᠰᠢᠯᠢᠳᠡᠭ ᠺᠠᠳ᠋ᠷ ᠢᠶᠠᠷ ᠪᠦᠷᠢᠯᠳᠦᠵᠡᠢ᠃ ᠣᠬᠠᠭᠤᠯᠬᠤ ᠪᠦᠯᠬᠦᠮ ᠨᠢ ᠣᠬᠠᠭᠤᠯᠬᠤ ᠲᠠᠯᠠᠪᠠᠢ ᠲᠦᠷᠢᠮᠵᠢᠭᠦᠨ᠂ ᠣᠬᠠᠭᠤᠯᠬᠤ ᠠᠭᠤᠯᠭ᠎ᠠ ᠲᠣᠪᠶᠤᠭ ᠮᠠᠶ᠋ᠢᠭ᠂ ᠣᠬᠠᠭᠤᠯᠬᠤ ᠬᠡᠯᠪᠡᠷᠢ ᠪᠣᠷᠣᠭᠵᠢᠭᠤᠨ ᠪᠠᠶᠢᠬᠤ ᠵᠠᠷᠴᠢᠮ ᠢ ᠪᠠᠷᠢᠮᠳᠠᠯᠠᠨ᠂ ᠠᠭᠤᠯᠭ᠎ᠠ ᠶᠢᠨ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠦᠪ ᠬᠤᠷᠢᠶ᠎ᠠ ᠪᠠ ᠡᠯ᠎ᠡ ᠱᠠᠳᠣᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠣᠬᠠᠢ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠣᠯᠳᠠ᠂ ᠣᠯᠣᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠬᠢᠨᠠᠨ ᠪᠠᠶᠢᠴᠠᠭᠠᠬᠤ ᠬᠠᠣᠯᠢ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠵᠡᠷᠭᠡ 16 ᠰᠡᠳᠣᠪ ᠲᠣᠭᠳᠠᠭᠠᠵᠣ᠂ ᠬᠡᠯᠪᠡᠷᠢ ᠶᠢᠨ ᠲᠠᠯ᠎ᠠ ᠪᠠᠷ ᠪᠠᠶᠢᠭᠤᠯᠬ᠎ᠠ ᠨᠢᠭᠡᠴᠢ ᠠᠴᠠ ︽ᠬᠤᠭᠤᠯᠠ ᠵᠠᠬᠢᠶᠠᠯᠠᠵᠣ︾᠂ ᠬᠤᠰᠢᠭᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ︽ᠬᠤᠭᠤᠯᠠ ᠬᠢᠵᠦ︾᠂ ᠨᠠᠮ ᠤᠨ ᠰᠣᠷᠳᠠᠯ ᠴᠢᠭᠡᠴᠢ ᠵᠠᠰᠠᠭ ᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠣᠬᠠᠭᠤᠯᠬᠤ ᠪᠦᠯᠬᠦᠮ︾ ᠠᠴᠠ ᠬᠤᠭᠤᠯᠠ ᠬᠦᠷᠭᠡᠳᠡᠭ ︽ᠬᠤᠭᠤᠯᠠᠨ ᠲᠣᠪᠶᠤᠭ ᠮᠠᠶ᠋ᠢᠭ︾ ᠤᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠣᠬᠠᠨ ᠪᠣᠯᠳᠠᠯ᠎ᠠ᠂ ᠲᠣᠰ ᠣᠬᠠᠭᠤᠯᠬᠤ ᠪᠦᠯᠬᠦᠮ ᠨᠢ 10 ᠭᠠᠷᠦᠢ ᠰᠢᠰᠲ᠋ᠧᠮ ᠤᠨ 20 ᠭᠠᠷᠣᠢ ᠪᠠᠶᠢᠭᠤᠯᠭ᠎ᠠ ᠨᠢᠭᠡᠴᠢ ᠳᠤ ᠣᠬᠠᠭᠤᠯᠭ᠎ᠠ ᠬᠢᠵᠦ᠂ ᠬᠦᠮᠦᠵᠢᠯ ᠬᠦᠷᠳᠡᠭᠰᠡᠨ ᠬᠦᠮᠦᠨ ᠤ ᠲᠤᠭ᠎ᠠ ᠨᠢ 2000 ᠭᠠᠷᠣᠢ ᠬᠦᠮᠦᠨ ᠣᠳᠠᠭ᠎ᠠ ᠬᠦᠷᠴᠦ ᠪᠣᠢ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号