ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠤᠯᠲᠠ ᠶᠢᠨ ᠳᠣᠭᠤᠶᠢᠯᠠᠩ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-08-06
     8 ᠰᠠᠷ᠎ᠠ ᠶᠢᠨ 2 ᠤᠨ ᠡᠳᠦᠷ᠂ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠳᠡᠳ᠋ ᠡᠷᠬᠢᠯᠡᠭᠴᠢ ᠵᠠᠩ ᠶᠤᠸᠠᠢ ᠴᠢᠩ ᠨᠠᠷ ᠮᠠᠨ ᠤ ᠬᠤᠰᠢᠭᠤᠨ ᠤ 2018 ᠣᠨ ᠤ ᠳᠡᠭᠡᠲᠦ ᠬᠠᠭᠠᠰ ᠵᠢᠯ ᠤᠨ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠳᠦᠯᠦᠪᠵᠢᠬᠦᠯᠬᠡ ᠶᠢ ᠬᠡᠷᠡᠭᠵᠢᠬᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠳᠦᠰᠦᠪ ᠢ ᠬᠡᠷᠡᠭᠵᠢᠬᠦᠯᠦᠭᠰᠡᠨ ᠪᠠᠶᠢᠳᠠᠯ ᠵᠢᠴᠢ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠ ᠶᠢᠨ ᠠᠵᠢᠯ ᠤᠨ ᠳᠣᠬᠠᠢ ᠪᠠᠶᠢᠴᠠᠭᠠᠨ ᠰᠣᠳᠣᠯᠣᠯᠲᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ ᠵᠢᠴᠢ ᠮᠠᠨ ᠤ ᠬᠤᠰᠢᠭᠤᠨ ᠤ ᠬᠤᠳᠠ ᠶᠢᠨ ᠳᠡᠰ ᠤᠨ ᠠᠷᠠᠳ ᠤᠨ ᠳᠦᠯᠦᠬᠡᠯᠡᠭᠴᠢ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠣ ᠠᠬᠤᠢ  ᠶᠢᠨ ᠵᠦᠪᠯᠡᠯ᠂ ᠡᠳ᠋ ᠤᠨ ᠵᠠᠰᠠᠭ ᠤᠨ ᠳᠣᠪᠴᠢᠶ᠎ᠠ᠂ ᠭᠠᠶᠢᠯᠢ ᠶᠢᠨ ᠳᠣᠪᠴᠢᠶ᠎ᠠ᠂ ᠳᠤᠭ᠎ᠠ ᠪᠦᠷᠢᠳᠭᠡᠯ ᠤᠨ ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠳ ᠪᠠᠷᠠᠳᠠᠪᠠ᠃      ᠦᠳᠡ ᠶᠢᠨ ᠡᠮᠦᠨ᠎ᠡ ᠪᠠᠶᠢᠴᠠᠭᠠᠨ ᠰᠤᠳᠤᠯᠤᠯᠲᠠ ᠶᠢᠨ ᠲᠤᠭᠤᠶᠢᠯᠠᠩ ᠬᠤᠰᠢᠭᠤ ᠦᠷᠢ ᠦᠭᠴᠡᠭᠡ ᠶᠢ ᠢᠯᠭᠠᠷᠠᠭᠤᠯᠬᠤ ᠲᠦᠪ ᠲᠤ ᠬᠦᠷᠴᠦ ᠮᠠᠨ ᠤ ᠬᠤᠰᠢᠭᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢ ᠢᠯᠭᠠᠷᠠᠭᠤᠯᠬᠤ ᠲᠠᠯ᠎ᠠ ᠪᠠᠷ ᠬᠢ ᠬᠤᠯᠪᠤᠭᠳᠠᠯ ᠪᠦᠬᠦᠢ ᠪᠠᠶᠢᠳᠠᠯ ᠢ ᠰᠤᠨᠤᠰᠤᠭᠰᠠᠨ ᠤ ᠬᠠᠮᠲᠤ ᠲᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠠᠶᠢᠨ᠎ᠠ᠃      ᠦᠳᠡ ᠶᠢᠨ ᠬᠤᠶᠢᠨ᠎ᠠ ᠰᠠᠭᠤᠳᠠᠯ ᠤᠨ ᠬᠤᠷᠠᠯ ᠬᠤᠷᠠᠯᠳᠤᠭᠤᠯᠵᠤ ᠴᠢᠶᠣᠣ ᠠᠢ ᠫᠢᠩ ᠠᠴᠠ ᠮᠠᠨ ᠤ ᠬᠤᠰᠢᠭᠤᠨ ᠤ 2018 ᠣᠨ ᠤ ᠳᠡᠭᠡᠲᠦ ᠬᠠᠭᠠᠰ ᠵᠢᠯ ᠤᠨ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠳᠦᠯᠦᠪᠵᠢᠬᠦᠯᠬᠡ ᠶᠢ ᠬᠡᠷᠡᠭᠵᠢᠬᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠳᠦᠰᠦᠪ ᠢ ᠬᠡᠷᠡᠭᠵᠢᠬᠦᠯᠦᠭᠰᠡᠨ ᠪᠠᠶᠢᠳᠠᠯ ᠵᠢᠴᠢ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠ ᠶᠢᠨ ᠠᠵᠢᠯ ᠤᠨ ᠳᠣᠬᠠᠢ ᠬᠠᠷᠢᠭᠤ ᠮᠡᠳᠡᠬᠦᠯᠦᠯᠲᠡ ᠬᠢᠪᠡ᠃ ᠮᠡᠳᠡᠬᠦᠯᠦᠯᠲᠡ ᠶᠢ ᠰᠣᠨᠣᠰᠣᠭᠰᠠᠨ ᠤ ᠳᠠᠷᠠᠭ᠎ᠠ  ᠪᠠᠶᠢᠴᠠᠭᠠᠨ ᠰᠤᠳᠤᠯᠤᠯᠲᠠ ᠶᠢᠨ ᠳᠣᠭᠤᠶᠢᠯᠠᠩ ᠠᠴᠠ ᠮᠠᠨ ᠤ ᠬᠤᠰᠢᠭᠤᠨ ᠤ ᠠᠵᠢᠯ ᠳᠤ ᠨᠣᠳᠠᠯᠠᠯᠲᠠ ᠦᠭᠬᠦ ᠶᠢᠨ ᠬᠠᠮᠲᠣ ᠰᠠᠨᠠᠯ ᠵᠦᠪᠯᠡᠯᠭᠡ ᠳᠣᠷᠠᠳᠪᠠ᠃  ᠪᠠᠶᠢᠴᠠᠭᠠᠨ ᠰᠤᠳᠤᠯᠤᠯᠲᠠ ᠶᠢᠨ ᠳᠣᠭᠤᠶᠢᠯᠠᠩ ᠠᠴᠠ ᠵᠢᠭᠠᠬᠤ ᠳᠠᠭᠠᠨ᠂ ᠦᠦᠰᠢᠨ ᠬᠤᠰᠢᠭᠤ ᠦᠪᠡᠷᠮᠢᠴᠡ ᠣᠨᠴᠠᠯᠢᠭᠲᠣ ᠮᠠᠯ ᠳᠠᠷᠢᠶᠠᠯᠠᠩ ᠤᠨ ᠦᠢᠯᠡᠰ ᠢ ᠬᠦᠭᠵᠢᠬᠦᠯᠬᠦ ᠳᠤ ᠣᠨᠴᠠᠭᠠᠢ ᠳᠠᠪᠠᠭᠤᠯᠢᠭ ᠨᠦᠬᠦᠴᠡᠯ ᠲᠠᠢ᠂ ᠣᠷᠳᠣᠰ ᠨᠠᠷᠢᠨ ᠨᠤᠤᠰᠤᠲᠤ ᠬᠤᠨᠢᠨ ᠤ ᠨᠡᠷᠡᠲᠦ ᠳᠡᠮᠳᠡᠭ ᠢ ᠬᠦᠭᠵᠢᠬᠦᠯᠦᠨ ᠪᠣᠵᠠᠭᠠᠶᠢᠷᠠᠭᠤᠯᠬᠤ  ᠳᠤ ᠪᠠᠳᠣ ᠪᠠᠬᠢ ᠰᠠᠭᠤᠷᠢ ᠲᠠᠢ᠂ ᠡᠶᠢᠮᠦ ᠠᠴᠠ ᠵᠠᠬ᠎ᠠ ᠳᠡᠯᠬᠡᠬᠦᠷ ᠤᠨ ᠬᠡᠷᠡᠭᠴᠡᠭᠡ ᠳᠤ ᠳᠣᠬᠢᠷᠠᠭᠤᠯᠣᠨ᠂ ᠮᠠᠯ ᠳᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠨᠢᠭᠤᠭᠳᠠᠮᠠᠯ ᠬᠦᠴᠦᠨ ᠢ ᠢᠯᠡᠷᠡᠬᠦᠯᠬᠦ ᠬᠡᠷᠡᠭᠲᠡᠢ᠃ ᠦᠦᠰᠢᠨ ᠬᠤᠰᠢᠭᠤ ᠠᠮᠢ ᠠᠬᠤᠢ ᠶᠢᠨ ᠬᠠᠮᠠᠭᠠᠯᠠᠯᠲᠠ ᠶᠢᠨ ᠳᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠂ ᠦᠷᠬᠦᠯᠵᠢᠯᠡᠨ ᠰᠠᠶᠢᠨ ᠲᠠᠢ ᠳᠠᠯ᠎ᠠ ᠪᠠᠨ ᠪᠠᠳᠠᠷᠠᠭᠤᠯᠵᠣ᠂ ᠡᠬᠢ ᠪᠠᠶᠠᠯᠢᠭ ᠢ ᠵᠣᠬᠢᠰᠳᠠᠢ ᠠᠰᠢᠭᠯᠠᠬᠤ ᠶᠢᠨ ᠵᠡᠷᠭᠡᠪᠡᠷ ᠠᠮᠢ ᠠᠬᠤᠢ ᠣᠷᠴᠢᠨ ᠳᠣᠭᠤᠷᠢᠨ ᠤ ᠬᠠᠮᠠᠭᠠᠯᠠᠯᠲᠠ ᠶᠢ ᠰᠠᠶᠢᠳᠣᠷ ᠬᠢᠬᠦ ᠬᠡᠷᠡᠭᠲᠡᠢ᠃ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠵᠦᠪ ᠣᠳᠣᠷᠢᠳᠣᠯᠭ᠎ᠠ ᠳᠣᠣᠷ᠎ᠠ᠂ ᠬᠦᠴᠢᠷ ᠪᠡᠷᠬᠡᠰᠢᠶᠡᠯ ᠢ ᠢᠯᠠᠨ ᠳᠠᠪᠠᠵᠣ᠂ ᠠᠵᠣ ᠠᠬᠤᠢ ᠨᠡᠶᠢᠬᠡᠮ ᠤᠨ ᠳᠣᠭᠳᠠᠭᠤᠨ ᠢᠶᠠᠷ ᠬᠦᠭᠵᠢᠬᠦ ᠶᠢ ᠪᠠᠳᠣᠯᠠᠨ᠂ ᠵᠠᠰᠠᠭ ᠤᠨ ᠣᠷᠳᠣᠨ ᠤ ᠦᠷᠢ ᠦᠭᠴᠡᠭᠡ ᠶᠢ ᠨᠠᠮᠳᠠᠭᠤᠯᠬᠤ ᠠᠵᠢᠯ ᠴᠦ ᠬᠠᠷᠢᠴᠠᠩᠭᠤᠢ ᠰᠠᠶᠢᠨ ᠪᠦᠲᠦᠮᠵᠢ ᠣᠯᠪᠠ ᠬᠡᠪᠡ᠃ ᠪᠠᠶᠢᠴᠠᠭᠠᠨ ᠰᠤᠳᠤᠯᠤᠯᠲᠠ ᠶᠢᠨ ᠳᠣᠭᠤᠶᠢᠯᠠᠩ ᠠᠴᠠ ᠴᠢᠬᠤᠯᠠᠴᠢᠯᠠᠬᠤ ᠳᠠᠭᠠᠨ᠂ ᠬᠤᠶᠢᠰᠢᠳᠠ ᠣᠷᠣᠰᠢᠵᠣ ᠪᠠᠶᠢᠭ᠎ᠠ ᠠᠰᠠᠭᠤᠳᠠᠯ ᠢᠶᠠᠨ ᠢᠳᠡᠪᠬᠢᠲᠡᠢ ᠰᠠᠶᠢᠳᠣᠷ ᠰᠢᠢᠳᠪᠦᠷᠢᠯᠡᠵᠤ᠂ ᠠᠷᠭ᠎ᠠ ᠪᠦᠬᠦᠨ ᠢ ᠰᠦᠪᠡᠭᠴᠢᠯᠡᠨ᠂ ᠠᠵᠣ ᠠᠬᠤᠢ ᠶᠢᠨ ᠬᠦᠭᠵᠢᠯᠲᠡ ᠶᠢᠨ ᠰᠠᠶᠢᠨ ᠬᠠᠨᠳᠣᠰᠢ ᠪᠠᠨ ᠪᠠᠷᠢᠮᠳᠠᠯᠠᠵᠣ᠂ ᠵᠠᠰᠠᠭ ᠤᠨ ᠣᠷᠳᠣᠨ ᠠᠴᠠ ᠠᠵᠣ ᠠᠬᠤᠶᠢᠯᠠᠯ ᠳᠤ ᠰᠠᠶᠢᠳᠣᠷ ᠦᠢᠯᠡᠴᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠣᠳᠣᠬᠠᠨ ᠳᠤ ᠣᠷᠣᠰᠢᠵᠣ ᠪᠠᠶᠢᠭ᠎ᠠ ᠠᠰᠠᠭᠤᠳᠠᠯ ᠢ ᠰᠠᠶᠢᠳᠣᠷ ᠰᠢᠢᠳᠪᠦᠷᠢᠯᠡᠬᠦ ᠬᠡᠷᠡᠭᠲᠡᠢ᠃ ᠠᠵᠣ ᠠᠬᠤᠢ ᠶᠢᠨ ᠪᠦᠲᠦᠴᠡ ᠶᠢ ᠳᠣᠬᠢᠷᠠᠭᠤᠯᠣᠨ᠂ ᠠᠵᠣ ᠠᠬᠤᠢ ᠶᠢᠨ ᠪᠦᠲᠦᠴᠡ  ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠂ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠦᠷᠢ ᠦᠭᠴᠡᠭᠡ ᠶᠢ ᠨᠠᠮᠳᠠᠭᠤᠯᠬᠤ ᠳᠠᠯ᠎ᠠ ᠪᠠᠷ ᠲᠡᠭᠡᠷ᠎ᠡ ᠱᠠᠲᠤᠨ ᠤ ᠱᠠᠭᠠᠷᠳᠠᠯᠭ᠎ᠠ ᠶᠣᠰᠣᠭᠠᠷ᠂ ᠲᠦᠯᠦᠪᠯᠡᠭᠡ ᠶᠣᠰᠣᠭᠠᠷ ᠰᠠᠶᠢᠳᠣᠷ ᠬᠢᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号