ᠬᠤᠲᠠ ᠶᠢᠨ ᠵᠠᠰᠠᠭ ᠤᠨ ᠤᠷᠳᠤᠨ ᠤ ᠲᠠᠷᠬᠠᠭᠠᠭᠰᠠᠨ ︽ᠤᠷᠳᠤᠰ ᠬᠤᠲᠠ ᠶᠢᠨ ᠬᠦᠳᠡᠭᠡ ᠳᠤᠰᠬᠤᠨ ᠤ | ᠡᠷᠦᠬᠡ ᠠᠮᠠ ᠲᠠᠢ ᠮᠤᠩᠭᠤᠯ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠤᠭᠴᠢ ᠶᠢᠨ ᠨᠦᠬᠦᠪᠦᠷᠢ ᠶᠢᠨ ᠲᠣᠬᠠᠢ | ᠲᠦᠰᠦᠯ︾ ᠤᠨ ᠵᠤᠷᠢᠭ ᠰᠠᠨᠠᠭᠠᠨ ᠤ ᠶᠣᠰᠣᠭᠠᠷ ᠡᠳᠦᠭᠡ ᠦᠤᠰᠢᠨ ᠬᠤᠰᠢᠭᠤᠨ ᠤ ᠡᠷᠦᠬᠡ ᠠᠮᠠ ᠲᠠᠢ ᠶᠡᠭᠡ | ᠰᠤᠷᠭᠠᠭᠤᠯᠢ ᠶᠢᠨ ᠮᠤᠩᠭᠤᠯ ᠤᠶᠤᠲᠠᠳ ᠤᠨ ᠨᠦᠬᠦᠪᠦᠷᠢ ᠮᠦᠩᠭᠦ ᠶᠢᠨ ᠳᠤᠬᠠᠢ ᠬᠠᠮᠢᠶ᠎ᠠ ᠪᠦᠬᠦᠢ ᠤᠴᠢᠷ ᠢ | ᠲᠣᠣᠷᠠᠬᠢ ᠮᠡᠲᠣ ᠮᠡᠳᠡᠭᠳᠡᠶ᠎ᠡ᠃ | ᠨᠢᠭᠡ᠂ 2018 ᠤᠨ ᠳᠤ ᠪᠦᠬᠦ ᠤᠯᠤᠰ ᠤᠨ ᠨᠢᠭᠡᠳᠦᠯᠲᠡᠢ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠲᠠᠮᠵᠢᠨ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠠᠴᠠ ᠳᠡᠭᠡᠭᠰᠢ ᠰᠤᠷᠭᠠᠭᠤᠯᠢ ᠳᠤ ᠰᠢᠯᠭᠠᠭᠳᠠᠨ ᠤᠷᠤᠭᠰᠠᠨ | ᠦᠥᠰᠢᠨ ᠬᠤᠰᠢᠭᠤᠨ ᠤ ᠡᠷᠦᠬᠡ ᠠᠮᠠ ᠲᠠᠢ ᠮᠤᠩᠭᠤᠯ ᠰᠤᠷᠤᠭᠴᠢᠳ ᠢ ᠲᠠᠩᠰᠠᠯᠠᠬᠤ ᠠᠵᠢᠯ ᠨᠢᠬᠡᠨᠲᠡ ᠡᠬᠢᠯᠡᠪᠡ᠃ | ᠰᠢᠯᠭᠠᠭᠳᠠᠨ ᠤᠷᠤᠭᠰᠠᠨ ᠰᠣᠷᠣᠭᠴᠢᠳ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠤᠷᠭᠠᠭᠤᠯᠢ ᠳᠤ | ᠡᠯᠰᠡᠬᠦ ᠮᠡᠳᠡᠭᠳᠡᠯ ᠤᠨ ᠪᠢᠴᠢᠭ ᠤᠨ ᠬᠠᠭᠤᠯᠪᠣᠷᠢ ᠬᠠᠭᠤᠳᠠᠰᠤ ᠶᠢ ᠲᠤᠰᠪᠤᠷᠢ ᠨᠢᠭᠡ ᠬᠤᠪᠢ ᠪᠡᠯᠡᠳᠬᠡᠵᠦ 2018 | ᠤᠨ ᠤ 10 ᠳ᠋ᠣᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠦᠤᠰᠢᠨ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠭᠤᠷᠪᠠᠳᠤᠭᠠᠷ ᠲᠠᠪᠬᠤᠷ ᠤᠨ ᠦᠨᠳᠦᠰᠦᠲᠡᠨ | ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠤᠪᠴᠢᠶ᠎ᠠ ᠶᠢᠨ ᠦᠢᠯᠡᠴᠢᠯᠡᠭᠡᠨ ᠤ ᠴᠤᠩᠬᠤ ᠳᠤ ᠢᠷᠡᠵᠦ | ᠳᠠᠩᠰᠠᠯᠠᠭᠤᠯᠤᠭᠠᠷᠠᠢ᠃ | ᠬᠤᠶᠠᠷ᠂ 2015 — 2017 ᠤᠨ ᠤ ᠦᠤᠰᠢᠨ ᠬᠤᠰᠢᠭᠤᠨ ᠤ ᠡᠷᠦᠬᠡ ᠠᠮᠠ ᠲᠠᠢ ᠮᠤᠩᠭᠤᠯ | ᠦᠨᠳᠦᠰᠦᠲᠡᠨ ᠤ ᠶᠡᠭᠡ ᠰᠤᠷᠭᠠᠭᠤᠯᠢ ᠶᠢᠨ ᠰᠣᠷᠣᠭᠴᠢᠳ ᠤᠨ 2018 ᠤᠨ ᠤ ᠨᠦᠬᠦᠪᠦᠷᠢ ᠶᠢᠨ ᠭᠠᠷ | ᠭᠦᠢᠴᠡᠳᠬᠡᠯ ᠬᠢᠬᠦ ᠬᠤᠭᠤᠴᠠᠭ᠎ᠠ ᠨᠢ 2018 ᠣᠨ ᠤ 7 ᠳ᠋ᠣᠭᠠᠷ ᠰᠠᠷ᠎ᠠ ᠶᠢᠨ 15 ᠤ ᠡᠳᠦᠷ ᠠᠴᠠ 2019 ᠣᠨ | ᠤ 4 ᠳ᠋ᠣᠭᠡᠷ ᠰᠠᠷ᠎ᠠ ᠶᠢᠨ 1 ᠤ ᠡᠳᠦᠷ ᠭᠦᠷᠳᠡᠯ᠎ᠡ ᠪᠤᠯᠤᠨ᠎ᠠ᠃ ᠨᠦᠭᠦᠪᠦᠷᠢ ᠠᠪᠬᠤ ᠭᠠᠷ ᠬᠦᠢᠴᠡᠳᠬᠡᠯ ᠬᠢᠬᠦ ᠳᠤ | ᠬᠡᠷᠡᠭᠯᠡᠬᠦ ᠮᠠᠲ᠋ᠧᠷᠢᠶᠠᠯ᠄ ᠪᠡᠶ᠎ᠡ ᠶᠢᠨ ᠦᠨᠡᠮᠯᠡᠯ ᠵᠢᠴᠢ ᠪᠠᠩᠬᠢ ᠶᠢᠨ ᠺᠠᠷᠲ ᠤᠨ ᠬᠠᠭᠤᠯᠪᠣᠷᠢ ᠬᠠᠭᠤᠳᠠᠰᠤ ᠲᠣᠰᠪᠣᠷᠢ | ᠬᠤᠶᠠᠷ ᠬᠤᠪᠢ᠂ ᠰᠣᠷᠭᠠᠭᠤᠯᠢ ᠳᠤ ᠪᠠᠶᠢᠭ᠎ᠠ ᠬᠡᠷᠡᠴᠢ ᠶᠢᠨ ᠣᠣᠯ ᠬᠠᠭᠤᠳᠠᠰᠣ ᠨᠢᠭᠡ ᠬᠤᠪᠢ ︵ᠬᠡᠷᠡᠴᠢᠯᠡᠭᠰᠡᠨ | ᠡᠳᠦᠷ ᠨᠢ ᠡᠷᠭᠡᠪᠰᠢ 2018 ᠣᠨ ᠤ 6 ᠳ᠋ᠣᠭᠠᠷ ᠰᠠᠷ᠎ᠠ ᠠᠴᠠ ᠬᠤᠶᠢᠰᠢ ᠪᠠᠶᠢᠬᠤ ᠬᠡᠷᠡᠭᠲᠡᠢ︶᠃ | ᠭᠤᠷᠪᠠ᠂ 2017 ᠤᠨ ᠤ ᠨᠦᠬᠦᠪᠦᠷᠢ ᠮᠦᠩᠬᠦ ᠠᠪᠬᠤ ᠭᠠᠷ ᠭᠦᠢᠴᠡᠳᠬᠡᠯ ᠢᠶᠠᠨ ᠬᠢᠭᠰᠡᠨ ᠦᠭᠡᠢ | ᠰᠤᠷᠤᠭᠴᠢᠳ 2018 ᠣᠨ ᠤ 7 ᠳ᠋ᠣᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠭᠠᠷ ᠭᠦᠢᠴᠡᠳᠬᠡᠯ ᠢᠶᠠᠨ | ᠬᠢᠭᠡᠷᠡᠢ᠃ | ᠴᠠᠭ ᠠᠴᠠ ᠪᠠᠨ ᠦᠩᠭᠡᠷᠡᠪᠡᠯ ᠳᠠᠩᠰᠠᠯᠠᠵᠤ ᠠᠪᠬᠤ ᠦᠭᠡᠢ ᠮᠦᠷᠳᠡᠭᠡᠨ ᠳᠤᠰᠠᠯᠠᠮᠵᠢ ᠶᠢᠨ ᠮᠦᠩᠭᠦ ᠠᠪᠬᠤ | ᠡᠷᠬᠡ ᠪᠠᠨ ᠰᠠᠶᠢᠨ ᠳᠤᠷ᠎ᠠ ᠠᠴᠠ ᠪᠠᠨ ᠬᠠᠶᠠᠭᠰᠠᠨ ᠢᠶᠠᠷ ᠲᠤᠭᠠᠴᠠᠵᠤ᠂ ᠨᠦᠬᠦᠵᠦ ᠬᠤᠪᠢᠶᠠᠬᠤ ᠦᠭᠡᠢ᠃ | ᠡᠯ᠎ᠡ ᠰᠤᠮᠤ ᠪᠠᠯᠭᠠᠰᠤᠨ ᠤ ᠬᠢᠨ ᠲᠤᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠤᠰᠬᠠᠢ ᠬᠦᠮᠦᠨ | ᠬᠠᠷᠢᠭᠤᠴᠠᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠳᠤᠬᠠᠢ ᠳᠤᠨᠢ ᠡᠯ᠎ᠡ ᠭᠠᠴᠠᠭ᠎ᠠ ᠳᠤᠰᠬᠤᠨ᠂ | ᠨᠡᠶᠢᠬᠡᠮ ᠲᠤᠭᠤᠷᠢᠭ ᠲᠤ ᠤᠯᠠᠮᠵᠢᠯᠠᠭᠠᠷᠠᠢ᠃ | ᠬᠠᠷᠢᠯᠴᠠᠬᠤ ᠣᠲᠠᠰᠤ᠄ 0477 —7583320 |