ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠬᠦᠢᠴᠡᠳᠬᠡᠬᠦ ᠲᠤᠬᠠᠢ
ᠨᠡᠶᠢᠲᠡᠯᠡᠭᠰᠡᠨ ᠴᠠᠭ᠄
2018-08-08
      ⒈ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠭᠤᠶᠤᠪᠴᠢᠯᠠᠯ ᠤᠨ ᠪᠢᠴᠢᠭ ︵ᠤᠷᠳᠤᠰ ᠤᠨ ᠵᠠᠰᠠᠭ ᠎ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠠᠴᠠ ᠦᠪᠡᠷᠳᠡᠭᠡᠨ ᠪᠠᠭᠤᠯᠭᠠᠬᠤ︶ ︵ᠰᠦᠯᠵᠢᠶᠡᠨ ᠤ ᠬᠠᠶ᠋ᠢᠭ᠄ http://zwfw.ordos.gov.cn/︶︔       ⒉ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠭᠴᠢ ᠪᠤᠶᠤ ᠡᠵᠡᠩᠨᠡᠭᠴᠢ︶᠎ ᠶᠢᠨ ᠪᠡᠶ᠎ᠡ ᠶᠢᠨ ᠦᠨᠡᠮᠯᠡᠯ ︵ᠳᠠᠷᠤᠮᠠᠯᠯᠠᠭᠰᠠᠨ ᠬᠠᠭᠤᠳᠠᠰᠤ 4 ᠬᠤᠪᠢ︶︔       ⒊ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ ︵ᠳᠠᠷᠤᠮᠠᠯᠯᠠᠭᠰᠠᠨ ᠬᠠᠭᠤᠳᠠᠰᠤ 4 ᠬᠤᠪᠢ︶︔       ⒋ ᠢᠳᠡᠭᠡᠨ ᠤ ᠵᠦᠢᠯ ᠤᠨ ᠡᠵᠡᠩᠨᠡᠯᠲᠡ ᠬᠢᠬᠦ ᠬᠦᠮᠦᠨ ᠤ ᠪᠡᠶ᠎ᠡ ᠶᠢᠨ ᠡᠷᠡᠭᠦᠯ ᠮᠡᠨᠳᠤ ᠶᠢᠨ ᠪᠠᠶᠢᠴᠠᠭᠠᠯᠲᠠ ᠎ ᠶᠢᠨ ᠬᠢᠷᠢ ᠲᠡᠩᠴᠡᠭᠰᠡᠨ ᠦᠨᠡᠮᠯᠡᠯ ︵ᠳᠠᠷᠤᠮᠠᠯᠯᠠᠭᠰᠠᠨ ᠬᠠᠭᠤᠳᠠᠰᠤ 2 ᠬᠤᠪᠢ︶︔       ⒌ ᠢᠳᠡᠭᠡᠨ ᠤ ᠵᠦᠢᠯ ᠤᠨ ᠡᠵᠡᠩᠨᠡᠯᠲᠡ ᠶᠢᠨ ᠭᠠᠵᠠᠷ ᠬᠡᠷᠡᠭᠯᠡᠬᠦ ᠭᠡᠷᠡᠴᠢ ︵ᠭᠡᠷ ᠪᠡᠶᠢᠰᠢᠩ ᠤᠨ ᠦᠮᠴᠢᠯᠡᠯ ᠪᠤᠶᠤ ᠲᠦᠷᠢᠶᠡᠰᠤᠯᠡᠬᠦ ᠬᠡᠯᠡᠯᠴᠡᠭᠡᠷ ᠵᠡᠷᠭᠡ᠂ ᠪᠠᠰᠠ ᠢᠳᠡᠭᠡᠨ ᠤ ᠪᠤᠷᠤᠯᠠᠭᠤᠯᠭ᠎ᠠ ᠶᠢᠨ ᠭᠠᠵᠠᠷ ᠤᠨ ᠪᠠᠶᠢᠷᠢᠯᠠᠯ ᠤᠨ ᠵᠢᠷᠤᠭ ᠢ ᠬᠠᠩᠭᠠᠨ᠎ᠠ︶︔       ⒍ ᠢᠳᠡᠭᠡᠨ ᠤ ᠵᠦᠢᠯ ᠤᠨ ᠡᠵᠡᠩᠨᠡᠯᠲᠡ ᠲᠠᠢ ᠬᠤᠯᠪᠤᠭᠳᠠᠬᠤ ᠭᠤᠤᠯ ᠲᠤᠨᠤᠭ ᠲᠦᠭᠦᠭᠡᠷᠤᠮᠵᠢ ᠶᠢᠨ ᠡᠵᠡᠯᠡᠬᠦ ᠤᠷᠤᠨ ᠵᠠᠢ ᠶᠢᠨ ᠬᠠᠪᠲᠠᠭᠠᠢ ᠶᠢᠨ ᠪᠠᠶᠢᠷᠢᠯᠠᠭᠤᠯᠤᠯᠲᠠ ᠶᠢᠨ ᠵᠢᠷᠤᠭ︔       ⒎ ᠢᠳᠡᠭᠡᠨ ᠤ ᠵᠦᠢᠯ ᠤᠨ ᠠᠶᠤᠯᠭᠦᠢ ᠶᠢ ᠪᠠᠲᠤᠯᠠᠬᠤ ᠬᠠᠮᠢᠶᠠᠷᠤᠯᠲᠠ ᠶᠢᠨ ᠲᠦᠷᠢᠮ︔       ᠬᠢᠷᠢ ᠲᠡᠩᠴᠡᠬᠦ ᠦᠭᠡᠢ ᠢᠳᠡᠭᠡᠨ ᠤ ᠵᠦᠢᠯ ᠢ ᠵᠠᠬ᠎ᠠ ᠳᠡᠯᠭᠡᠭᠦᠷ ᠠᠴᠠ ᠭᠠᠷᠭᠠᠬᠤ ᠲᠦᠷᠢᠮ       ᠢᠳᠡᠭᠡᠨ ᠤ ᠵᠦᠢᠯ ᠤᠨ ᠠᠶᠤᠯᠭᠦᠢ ᠶᠢᠨ ᠭᠡᠨᠡᠳᠡᠯ ᠢ ᠰᠢᠢᠳᠪᠤᠷᠢᠯᠡᠬᠦ ᠲᠦᠷᠢᠮ       ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ       ᠢᠳᠡᠭᠡᠨ ᠤ ᠵᠦᠢᠯ ᠤᠨ ᠡᠵᠡᠩᠨᠡᠯᠲᠡ ᠶᠢᠨ ᠪᠠᠭᠠᠵᠢ ᠬᠡᠷᠡᠭᠰᠡᠯ ᠤᠨ ᠠᠷᠢᠭᠤᠳᠬᠠᠯ ᠴᠡᠪᠡᠷᠯᠡᠭᠡ ᠪᠤᠯᠤᠨ ᠬᠢᠨᠠᠨ ᠪᠠᠶᠢᠴᠠᠭᠠᠯᠲᠠ ᠶᠢᠨ ᠲᠦᠷᠢᠮ       ᠢᠳᠡᠭᠡᠨ ᠤ ᠵᠦᠢᠯ ᠤᠨ ᠡᠵᠡᠩᠨᠡᠭᠴᠢ ᠶᠢᠨ ᠪᠤᠯᠪᠠᠰᠤᠷᠠᠯ ᠤᠨ ᠲᠦᠷᠢᠮ       ᠢᠳᠡᠭᠡᠨ ᠤ ᠵᠦᠢᠯ ᠤᠨ ᠡᠵᠡᠩᠨᠡᠭᠴᠢ ᠶᠢᠨ ᠡᠷᠡᠭᠦᠯ ᠴᠢᠭᠢᠷᠠᠭ ᠤᠨ ᠪᠠᠶᠢᠴᠠᠭᠠᠯᠲᠠ ᠶᠢᠨ ᠲᠦᠷᠢᠮ       ᠢᠳᠡᠭᠡᠨ ᠤ ᠵᠦᠢᠯ ᠢ ᠬᠠᠳᠠᠭᠠᠯᠠᠬᠤ ᠬᠠᠮᠢᠶᠠᠷᠤᠯᠲᠠ ᠶᠢᠨ ᠲᠦᠷᠢᠮ       ᠢᠳᠡᠭᠡᠨ ᠤ ᠵᠦᠢᠯ ᠤᠨ ᠠᠶᠤᠯᠭᠦᠢ ᠶᠢ ᠦᠪᠡᠷᠳᠡᠭᠡᠨ ᠬᠢᠨᠠᠬᠤ ᠲᠦᠷᠢᠮ       ᠢᠳᠡᠭᠡᠨ ᠤ ᠵᠦᠢᠯ ᠤᠨ ᠠᠶᠤᠯᠭᠦᠢ ᠶᠢᠨ ᠬᠠᠮᠢᠶᠠᠷᠤᠭᠴᠢ ᠶᠢᠨ ᠲᠦᠷᠢᠮ       ᠢᠳᠡᠭᠡᠨ ᠤ ᠵᠦᠢᠯ ᠢ ᠤᠷᠤᠭᠤᠯᠬᠤ ᠦᠶ᠎ᠡ ᠶᠢᠨ ᠪᠠᠶᠢᠴᠠᠭᠠᠯᠲᠠ ᠪᠤᠯᠤᠨ ᠲᠡᠮᠳᠡᠭᠯᠡᠯ ᠤᠨ ᠲᠦᠷᠢᠮ       ᠢᠳᠡᠭᠡᠨ ᠤ ᠵᠦᠢᠯ ᠤᠨ ᠡᠵᠡᠩᠨᠡᠯᠲᠡ ᠶᠢᠨ ᠶᠠᠪᠤᠴᠠ ᠪᠤᠯᠤᠨ ᠡᠵᠡᠮᠳᠡᠯ ᠤᠨ ᠲᠦᠷᠢᠮ       ⒏ ᠢᠳᠡᠭᠡᠨ ᠤ ᠡᠵᠡᠩᠨᠡᠯᠲᠡ ᠲᠠᠢ ᠬᠤᠯᠪᠤᠭᠳᠠᠭᠰᠠᠨ ᠠᠵᠢᠯᠯᠠᠬᠤ ᠲᠡᠰ ᠳᠠᠷᠠᠭ᠎ᠠ ᠵᠡᠷᠭᠡ ᠪᠢᠴᠢᠭ ᠮᠠᠲ᠋ᠧᠷᠢᠶᠠᠯ ︵2 ᠬᠤᠪᠢ︶︔       ⒐ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠮᠠᠲ᠋ᠧᠷᠢᠶᠠᠯ᠃      ᠦᠤᠰᠢᠨ ᠬᠤᠰᠢᠭᠤᠨ ᠤ ᠭᠠᠯᠠᠭᠤᠲᠦ ᠪᠠᠯᠭᠠᠰᠤᠨ ᠤ ᠬᠡᠪᠴᠢᠶᠠᠨ ᠳᠤᠲᠤᠷᠠᠬᠢ ᠢᠳᠡᠭᠡᠨ ᠡᠵᠡᠩᠨᠡᠬᠦ ᠵᠦᠪᠰᠢᠶᠡᠷᠡᠯ ᠢ ᠬᠦᠯᠢᠶᠡᠨ ᠠᠪᠴᠤ ᠰᠢᠢᠳᠪᠤᠷᠢᠯᠡᠬᠦ᠂ ᠦᠨᠡᠮᠯᠡᠯ ᠭᠠᠷᠳᠠᠭᠤᠯᠬᠤ ᠵᠡᠷᠭᠡ ᠠᠵᠢᠯ ᠨᠢ ᠦᠤᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠬᠤᠶᠠᠳᠤᠭᠠᠷ ᠳᠠᠪᠬᠤᠷᠯᠢᠭ ᠤᠨ B203᠂ B204᠂ B205 ᠳ᠋ᠤᠭᠠᠷ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠶᠡᠷᠤᠩᠬᠡᠶᠢᠯᠡᠭᠰᠡᠨ ᠠᠵᠢᠯ ᠤᠨ ᠴᠤᠩᠬᠤᠪᠴᠢ ᠳᠤ ᠬᠦᠢᠴᠡᠳᠭᠡᠨ᠎ᠡ᠂ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠬᠦ ᠵᠡᠷᠭᠡ ᠠᠵᠢᠯ ᠢ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠠᠴᠠ ᠨᠢᠭᠡᠳᠤᠯᠲᠠᠢ ᠬᠠᠷᠢᠭᠤᠴᠠᠨ᠎ᠠ᠂ ᠪᠤᠰᠤᠳ ᠰᠤᠮᠤ ᠪᠠᠯᠭᠠᠰᠤᠨ ᠤ ᠢᠳᠡᠭᠡᠨ ᠤᠮᠳᠠᠭᠠᠨ ᠡᠵᠡᠩᠨᠡᠬᠦ ᠵᠦᠪᠰᠢᠶᠡᠷᠡᠯ ᠤᠨ ᠠᠵᠢᠯ ᠢ ᠴᠦᠮ ᠦᠨᠳᠤᠰᠤᠨ ᠱᠠᠲᠤᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠰᠠᠯᠪᠤᠷᠢ ᠬᠠᠷᠢᠭᠤᠴᠠᠨ᠎ᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号