ᠲᠡᠯᠭᠡᠭᠦᠷ ᠡᠷᠬᠢᠯᠡᠬᠦ ᠳᠣᠬᠠᠢ
ᠨᠡᠶᠢᠲᠡᠯᠡᠭᠰᠡᠨ ᠴᠠᠭ᠄
2018-08-08
     ⒈ ᠦᠤᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ︽ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ︾ ᠨᠢᠭᠡᠯᠡ ᠳᠡᠭᠡᠷ᠎ᠡ ᠬᠦᠯᠢᠶᠡᠨ ᠠᠪᠴᠤ ᠬᠦᠢᠴᠡᠳᠬᠡᠬᠦ ᠴᠤᠩᠬᠤᠪᠴᠢ ᠳᠤ ᠬᠦᠷᠴᠤ ᠬᠦᠢᠴᠡᠳᠬᠡᠨ᠎ᠡ᠃      ⒉ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠬᠢᠨᠠᠨ ᠬᠠᠷᠭᠤᠭᠤᠯᠬᠤ ᠪᠠᠷ ᠳᠠᠮᠵᠢᠭᠤᠯᠤᠨ ᠨᠢᠭᠡᠳᠤᠯᠲᠠᠢ ᠨᠡᠶᠢᠬᠡᠮ ᠤᠨ ᠢᠲᠡᠭᠡᠮᠵᠢ ᠶᠢᠨ ᠲᠦᠯᠦᠭᠡᠨ ᠤ ᠨᠤᠮᠧᠷ ᠲᠠᠢ ᠡᠵᠡᠩᠨᠡᠯᠲᠡ ᠶᠢᠨ ᠦᠨᠡᠮᠯᠡᠯ ᠢ ᠲᠤᠰᠢᠶᠠᠨ᠎ᠠ᠃      ⒊ ︽ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ︾ ᠨᠢᠭᠡᠯᠡ ᠳᠡᠭᠡᠷ᠎ᠡ ᠬᠦᠯᠢᠶᠡᠨ ᠠᠪᠴᠤ ᠬᠦᠢᠴᠡᠳᠬᠡᠬᠦ ᠴᠤᠩᠬᠤᠪᠴᠢ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠬᠤᠯᠪᠤᠭᠳᠠᠯ ᠪᠦᠬᠦᠢ ᠮᠡᠳᠡᠭᠡ ᠵᠠᠩᠭᠢ ᠶᠢ ᠬᠦᠷᠭᠡᠨ᠎ᠡ᠃      ⑴ ᠦᠤᠰᠢᠨ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠭᠠᠶᠢᠯᠢ ᠶᠢᠨ ᠶᠠᠪᠤᠳᠠᠯ ᠤᠨ ᠳᠠᠩᠰᠠᠯᠠᠭᠤᠯᠤᠭᠰᠨ ᠦᠨᠡᠮᠯᠡᠯ︶᠃      ⑵ᠦᠤᠰᠢᠨ ᠬᠤᠰᠢᠭᠤᠨ ᠤ ᠶᠠᠰᠤ ᠴᠢᠨᠠᠷ ᠮᠡᠷᠭᠡᠵᠢᠯ ᠤᠨ ᠬᠢᠨᠡᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠠᠷᠭᠤᠭᠤᠯᠤᠨ᠎ᠠ᠃      ⑶ ᠦᠤᠰᠢᠨ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ᠃      ⑷ ᠦᠤᠰᠢᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠬᠡᠮ ᠤᠨ ᠪᠠᠲᠤᠯᠠᠭ᠎ᠠ ᠎ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ᠃      ⑸ ᠦᠤᠰᠢᠨ ᠬᠤᠰᠢᠭᠤᠨ ᠤ ᠬᠦᠭᠵᠢᠭᠦᠯᠦᠯᠲᠡ ᠦᠭᠡᠷᠡᠴᠢᠯᠡᠯᠲᠡ ᠠᠵᠤ ᠠᠬᠤᠢ ᠠᠷᠠᠯᠵᠢᠶᠡᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠲᠠ ᠶᠢᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠵᠤ ᠠᠬᠤᠶᠢᠯᠠᠯ ᠤᠨ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠳᠠᠩᠰᠠᠯᠠᠬᠤ᠂ ᠭᠠᠭᠴᠠ ᠬᠡᠷᠡᠭᠴᠡᠭᠡ ᠪᠦᠬᠦᠢ ᠬᠤᠳᠠᠯᠳᠤᠭᠠᠨ ᠤ ᠤᠷᠢᠳᠴᠢᠯᠠᠨ ᠲᠤᠭᠠᠴᠠᠬᠤ ᠺᠠᠷᠲ ᠶᠢ ᠮᠡᠳᠡᠭᠦᠯᠵᠤ ᠳᠠᠩᠰᠠᠯᠠᠬᠤ᠂ ᠭᠡᠷ ᠪᠦᠯᠢ ᠶᠢᠨ ᠦᠢᠯᠡᠴᠢᠯᠡᠭᠡᠨ ᠎ ᠤ ᠪᠠᠶᠢᠭᠤᠯᠤᠮᠵᠢ ᠶᠢ ᠮᠡᠳᠡᠭᠦᠯᠵᠤ ᠳᠠᠩᠰᠠᠯᠠᠬᠤ᠂ ᠲᠠᠬᠢᠨ ᠠᠰᠢᠭᠯᠠᠵᠤ ᠪᠤᠯᠬᠤ ᠡᠬᠢ ᠪᠠᠶᠠᠯᠢᠭ ᠢ ᠮᠡᠳᠡᠭᠦᠯᠵᠤ ᠳᠠᠩᠰᠠᠯᠠᠬᠤ︶᠃      ⑹ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠵᠢᠭᠠᠰᠤᠨ ᠦᠢᠯᠡᠰ ᠤᠨ ᠠᠩᠨᠠᠵᠤ ᠱᠦᠭᠦᠭᠦ ᠵᠦᠪᠰᠢᠶᠡᠷᠡᠯ︶᠃      ⑺ ᠦᠤᠰᠢᠨ ᠬᠤᠰᠢᠭᠤᠨ ᠤ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠶᠤᠯᠠᠯ ᠤᠨ ᠦᠢᠯᠡᠳᠬᠦᠨ ᠢ ᠡᠵᠡᠩᠨᠡᠬᠦ᠂ ᠬᠡᠷᠡᠭᠯᠡᠬᠦ ᠶᠢ ᠮᠡᠳᠡᠭᠦᠯᠵᠤ ᠳᠠᠩᠰᠠᠯᠠᠬᠤ︶᠃      ⑻ ᠦᠤᠰᠢᠨ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠶᠠᠨᠴᠢᠳ ᠤᠨ ᠪᠠᠭᠤᠳᠠᠯ ᠤᠨ ᠠᠵᠢᠯ ᠤᠨ ᠵᠦᠪᠰᠢᠶᠡᠷᠡᠯ᠂ ᠠᠯᠪᠠᠨ ᠲᠠᠮᠠᠭ᠎ᠠ ᠰᠡᠶᠢᠯᠬᠦ ᠠᠵᠢᠯ ᠤᠨ ᠵᠦᠪᠰᠢᠶᠡᠷᠡᠯ ᠵᠢᠴᠢ ᠲᠠᠮᠠᠭ᠎ᠠ ᠰᠡᠶᠢᠯᠬᠦ ᠶᠢ ᠵᠦᠪᠰᠢᠶᠡᠷᠡᠬᠦ ᠵᠦᠪᠰᠢᠶᠡᠷᠡᠯ᠂ ᠬᠠᠭᠤᠴᠢᠨ ᠲᠡᠮᠦᠷᠯᠢᠭ ᠎ ᠢ ᠬᠤᠷᠢᠶᠠᠨ ᠠᠪᠬᠤ ᠶᠢ ᠮᠡᠳᠡᠭᠦᠯᠵᠤ ᠳᠠᠩᠰᠠᠯᠠᠬᠤ︶᠃      ⑼ ᠦᠤᠰᠢᠨ ᠬᠤᠰᠢᠭᠤᠨ ᠤ ᠵᠢᠭᠤᠯᠴᠢᠯᠠᠯ ᠤᠨ ᠦᠢᠯᠡᠰ ᠢ ᠠᠬᠢᠭᠤᠯᠬᠤ ᠲᠦᠪ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠶᠠᠯᠠᠯ ᠵᠢᠭᠤᠯᠴᠢᠯᠠᠯ ᠤᠨ ᠭᠠᠵᠠᠷ ᠤᠨ ᠰᠦᠯᠵᠢᠶᠡᠨ ᠳᠠᠪᠴᠠᠩ ᠪᠠᠶᠢᠭᠤᠯᠬᠤ ᠶᠢ ᠳᠠᠩᠰᠠᠯᠠᠬᠤ᠂ ᠠᠶᠠᠯᠠᠯ ᠵᠢᠭᠤᠯᠴᠢᠯᠠᠯ ᠤᠨ ᠬᠤᠪᠢᠶᠠᠷᠢ ᠭᠠᠵᠠᠷ ᠪᠠᠶᠢᠭᠤᠯᠬᠤ ᠶᠢ ᠮᠡᠳᠡᠭᠦᠯᠵᠤ ᠳᠠᠩᠰᠠᠯᠠᠬᠤ︶᠃      ⑽ ᠦᠤᠰᠢᠨ ᠬᠤᠰᠢᠭᠤᠨ ᠤ ᠠᠮᠤ ᠪᠤᠳᠠᠭᠠᠨ ᠤ ᠬᠠᠮᠢᠶᠠᠷᠤᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠮᠤ ᠲᠤᠰᠤ ᠶᠢ ᠬᠦᠮᠦᠷᠭᠡᠯᠡᠨ ᠬᠠᠳᠠᠭᠠᠯᠠᠬᠤ ᠨᠢᠭᠡᠴᠢ ᠠᠮᠤ ᠲᠤᠰᠤ ᠎ ᠶᠢ ᠬᠦᠮᠦᠷᠭᠡᠯᠡᠨ ᠬᠠᠳᠠᠭᠠᠯᠠᠬᠤ ᠠᠵᠢᠯᠯᠠᠭ᠎ᠠ ᠪᠠᠨ ᠮᠡᠳᠡᠭᠦᠯᠵᠤ ᠳᠠᠩᠰᠠᠯᠠᠬᠤ︶᠃      ⑾ ᠦᠤᠰᠢᠨ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠮᠤᠳᠤᠨ ᠮᠠᠲ᠋ᠧᠷᠢᠶᠠᠯ ᠡᠵᠡᠩᠨᠡᠵᠤ ᠪᠤᠯᠪᠠᠰᠤᠷᠠᠭᠤᠯᠬᠤ ᠵᠦᠪᠰᠢᠶᠡᠷᠡᠯ ᠤᠨ ᠦᠨᠡᠮᠯᠡᠯ᠂ ᠤᠢ ᠮᠤᠳᠤᠨ ᠤ ᠦᠷ᠎ᠡ ᠶᠢ ᠦᠢᠯᠡᠳᠪᠦᠷᠢᠯᠡᠵᠤ ᠡᠵᠡᠩᠨᠡᠬᠦ ᠵᠦᠪᠰᠢᠶᠡᠷᠡᠯ ᠤᠨ ᠦᠨᠡᠮᠯᠡᠯ︶᠃      ⑿ ᠰᠤᠶᠤᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠬᠡᠪᠯᠡᠯ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠤᠯᠤᠨ ᠪᠤᠰᠤᠳ ᠨᠢᠭᠡᠴᠢ᠂ ᠬᠤᠪᠢ ᠬᠦᠮᠦᠨ ᠤ ᠬᠡᠪᠯᠡᠯ ᠤᠨ ᠵᠦᠢᠯ ᠢ ᠵᠢᠵᠢᠭᠯᠡᠨ ᠬᠤᠳᠠᠯᠳᠤᠬᠤ ᠭᠤᠶᠤᠪᠴᠢᠯᠠᠯ ᠤᠨ ᠵᠦᠪᠰᠢᠶᠡᠷᠡᠯ᠂ ᠺᠢᠨᠤ᠋ ᠲᠠᠯᠪᠢᠬᠤ ᠵᠦᠪᠰᠢᠶᠡᠷᠡᠯ ᠤᠨ ᠦᠨᠡᠮᠯᠡᠯ᠂ ᠳᠠᠭᠤᠤ ᠲᠦᠷᠰᠤ ᠰᠢᠩᠭᠡᠭᠡᠯᠲᠡ ᠶᠢᠨ ᠪᠦᠲᠦᠭᠡᠭᠳᠡᠭᠦᠨ ᠢ ᠵᠢᠵᠢᠭᠯᠡᠨ ᠬᠤᠳᠠᠯᠳᠤᠬᠤ ᠪᠤᠶᠤ ᠲᠦᠷᠢᠶᠡᠰᠤᠯᠡᠬᠦ ᠶᠢ ᠬᠢᠨᠠᠨ ᠵᠦᠪᠰᠢᠶᠡᠷᠡᠬᠦ᠂ ᠺᠢᠨᠤ᠋ ᠲᠠᠯᠪᠢᠬᠤ ᠤᠴᠢᠷ ᠶᠠᠪᠤᠳᠠᠯ ᠤᠨ ᠬᠤᠪᠢᠷᠠᠯᠲᠠ ᠎ ᠶᠢ ᠬᠢᠨᠠᠨ ᠵᠦᠪᠰᠢᠶᠡᠷᠡᠬᠦ᠂ ᠲᠤᠭᠯᠠᠯᠲᠠ ᠭᠠᠷᠭᠠᠬᠤ ᠲᠠᠯᠠᠪᠤᠷ ᠤᠨ ᠡᠵᠡᠩᠨᠡᠯᠲᠡ ᠶᠢᠨ ᠨᠢᠭᠡᠴᠢ ᠶᠢ ᠳᠠᠩᠰᠠᠯᠠᠬᠤ᠂ ᠬᠤᠪᠢ ᠶᠢᠨ ᠲᠤᠭᠯᠠᠭᠴᠢ ᠪᠠ ᠬᠤᠪᠢ ᠶᠢᠨ ᠲᠤᠭᠯᠠᠯᠲᠠ ᠶᠢᠨ ᠵᠠᠭᠤᠴᠢᠯᠠᠭᠴᠢ ᠶᠢ ᠳᠠᠩᠰᠠᠯᠠᠬᠤ᠂ ᠤᠷᠠᠨ ᠵᠢᠷᠤᠭ ᠤᠨ ᠪᠦᠲᠦᠭᠡᠯ ᠤᠨ ᠡᠵᠡᠩᠨᠡᠯᠲᠡ ᠶᠢᠨ ᠬᠦᠳᠡᠯᠭᠡᠭᠡᠨ ᠢ ᠡᠵᠡᠩᠨᠡᠬᠦ ᠨᠢᠭᠡᠴᠢ ᠶᠢ ᠳᠠᠩᠰᠠᠯᠠᠬᠤ︶᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号