ᠬᠤᠰᠢᠭᠤ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2018 ᠤᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-08
      8 ᠰᠠᠷ᠎ᠠ ᠶᠢᠨ 3 ᠤ ᠡᠳᠤᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠡᠷᠳᠡᠨᠢᠪᠢᠯᠢᠭ ᠬᠤᠰᠢᠭᠤ ᠨᠠᠮ  ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2018 ᠤᠨ ᠤ 8 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠰᠢᠭᠤ ᠨᠠᠮ ᠤᠨ ᠬᠤᠷᠢᠶ᠎ᠠ ᠶᠢᠨ ᠱᠦᠵᠢ ᠡᠷᠳᠡᠨᠢᠪᠢᠯᠢᠭ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ ᠶᠢᠨ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠨᠢᠭᠡᠳᠦᠮᠡᠯ ᠹᠠᠷᠤᠨᠲ  ᠤᠨ ᠭᠡᠯᠳᠡᠰ ᠤᠨ ᠲᠠᠷᠤᠭ᠎ᠠ ᠠᠯᠳᠠᠨᠳᠤᠶᠠᠭ᠎ᠠ ᠵᠢᠴᠢ ᠪᠦᠬᠦ ᠭᠡᠷ ᠲᠡᠭᠡᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ ᠂ ᠡᠯ᠎ᠡ ᠰᠤᠮᠤ ᠪᠠᠯᠭᠠᠰᠤ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠰᠤᠷᠤᠯᠴᠠᠯᠭ᠎ᠠ ᠳᠤ ᠤᠷᠤᠯᠴᠠᠪᠠ᠃       ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠡᠷᠳᠡᠨᠢᠪᠢᠯᠢᠭ ᠠᠴᠠ ᠰᠢ ᠶᠢᠨ ᠫᠢᠩ ᠶᠡᠷᠦᠩᠭᠡᠢ ᠱᠦᠵᠢ ᠶᠢᠨ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠶᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠨ  ᠶᠢᠨ ᠬᠤᠷᠢᠶ᠎ᠠ ᠶᠢᠨ ᠱᠦᠵᠢ ᠰᠤᠷᠭᠠᠯᠳᠤ ᠠᠴᠠ ᠪᠦᠬᠦ ᠤᠯᠤᠰ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ  ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠠᠴᠠ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠲᠤᠬᠢᠷᠠᠭᠰᠠᠨ ᠰᠢᠯᠢᠳᠡᠭ ᠵᠠᠯᠠᠭᠤ ᠺᠠᠳ᠋ᠷ ᠢ ᠶᠡᠭᠡᠪᠡᠷ ᠬᠦᠮᠦᠵᠢᠭᠦᠯᠵᠤ ᠰᠤᠩᠭᠤᠨ ᠲᠡᠪᠰᠢᠭᠦᠯᠬᠦ ᠲᠤᠬᠠᠢ ᠰᠠᠨᠠᠯ︾ ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠦᠷᠭᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠤᠷᠮᠠᠰᠢᠭᠤᠯᠵᠤ ᠵᠤᠷᠢᠭᠵᠢᠭᠤᠯᠬᠤ ᠲᠤᠬᠠᠢ ᠠᠵᠢᠯ  ᠤᠨ ᠲᠦᠰᠦᠯ﹀ ᠤᠨ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠲᠡᠭᠡᠷ᠎ᠡ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠯᠭ᠎ᠠ ᠶᠢ ᠰᠠᠶᠢᠳᠤᠷ ᠠᠳᠬᠤᠬᠤ ᠲᠤᠬᠠᠢ ᠱᠠᠭᠠᠷᠳᠠᠬᠤ ᠳᠤ ᠪᠠᠨ ᠲᠤᠭ᠎ᠠ ᠬᠡᠮᠵᠢᠶᠠᠨ ᠤ ᠲᠠᠯ᠎ᠠ ᠪᠠᠷ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠨᠢᠭᠡᠳᠦᠯᠳᠡᠢ ᠲᠤᠬᠢᠷᠠᠭᠤᠯᠤᠨ᠂ ᠰᠤᠷᠤᠯᠴᠠᠯᠭ᠎ᠠ  ᠶᠢᠨ ᠴᠠᠭ᠂ ᠠᠭᠤᠯᠭ᠎ᠠ ᠶᠢ ᠵᠤᠬᠢᠰᠳᠠᠢ ᠲᠤᠬᠢᠷᠠᠭᠤᠯᠵᠤ ᠪᠦᠬᠦ ᠵᠢᠯ ᠳᠤ ᠨᠠᠭᠠᠳᠤ ᠵᠠᠬ᠎ᠠ ᠳᠤ ᠪᠠᠨ 12 ᠤᠳᠠᠭᠠᠨ ᠤ ᠬᠠᠮᠳᠤ ᠶᠢᠨ ᠰᠤᠷᠤᠯᠴᠠᠯᠭ᠎ᠠ ᠬᠢᠬᠦ ᠶᠢ ᠪᠠᠳᠤᠯᠠᠬᠤ ᠭᠡᠷᠡᠭᠳᠡᠢ᠃ ᠭᠤᠤᠯ ᠲᠤᠭᠤᠶᠢᠯᠠᠩ ᠤᠨ ᠰᠤᠷᠤᠯᠴᠠᠯᠭ᠎ᠠ ᠶᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠨ᠂ ᠰᠤᠷᠤᠯᠴᠠᠯᠭ᠎ᠠ ᠳᠤ ᠤᠷᠤᠯᠴᠠᠬᠤ ᠨᠤᠷᠮ᠎ᠠ ᠶᠢ ᠨᠡᠮᠡᠭᠳᠡᠬᠦᠯᠬᠦ ᠶᠢᠨ ᠲᠠᠭᠠᠤ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠤᠨ ᠢᠶᠠᠨ ᠰᠤᠷᠤᠯᠴᠠᠯᠭ᠎ᠠ ᠶᠢ ᠬᠠᠮᠳᠤ ᠳᠤᠨᠢ ᠠᠳᠬᠤᠬᠤ ᠭᠡᠷᠡᠭᠳᠡᠢ᠃ ᠴᠢᠨᠠᠷ ᠤᠨ ᠲᠠᠯ᠎ᠠ ᠪᠠᠷ ᠤᠯᠤᠰ ᠲᠦᠷᠤ ᠤᠨᠤᠯ ᠤᠨ ᠰᠤᠷᠤᠯᠴᠠᠯᠭ᠎ᠠ ᠪᠠᠷ ᠦᠨᠳᠤᠰᠤ ᠪᠤᠯᠭᠠᠨ᠂ ᠰᠢ  ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠲᠡᠷᠢᠭᠦᠨ ᠴᠢᠬᠤᠯᠨ ᠡᠭᠦᠷᠭᠡ ᠪᠤᠯᠭᠠᠵᠤ᠂ ᠭᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠤ᠂ ᠪᠦᠬᠦ ᠬᠤᠰᠢᠭᠤᠨ ᠤ ᠶᠡᠷᠦᠩᠭᠡᠢ ᠬᠦᠭᠵᠢᠯᠳᠠ ᠶᠢᠨ ᠱᠠᠭᠠᠷᠳᠠᠯᠭ᠎ᠠ ᠪᠠ ᠺᠠᠳ᠋ᠷᠴᠤᠳ ᠤᠨ ᠴᠢᠳᠠᠪᠤᠷᠢ ᠶᠢ ᠲᠡᠭᠡᠭᠰᠢᠯᠡᠬᠦᠯᠬᠦ ᠱᠠᠭᠠᠷᠳᠠᠯᠭ᠎ᠠ ᠶᠢ ᠦᠨᠳᠤᠰᠤᠯᠠᠨ᠂ ᠰᠤᠷᠤᠯᠴᠠᠬᠤ ᠠᠭᠤᠯᠭ᠎ᠠ ᠪᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠰᠤᠷᠤᠯᠴᠠᠬᠤ ᠠᠷᠭ᠎ᠠ ᠭᠡᠯᠪᠡᠷᠢ ᠪᠠᠨ ᠰᠢᠨᠡᠴᠢᠯᠠᠨ᠂ ᠬᠠᠮᠢᠶᠠᠷᠤᠯᠳᠠ  ᠪᠠᠨ ᠵᠢᠷᠤᠮᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠳᠦᠮᠵᠢ ᠪᠠᠨ ᠲᠡᠭᠡᠭᠰᠢᠯᠡᠬᠦᠯᠦᠨ ︽ᠪᠠᠭᠰᠢ ᠨᠢ ᠰᠠᠶᠢᠨ᠂ ᠠᠭᠤᠯᠭ᠎ᠠ ᠨᠢ ᠨᠠᠷᠢᠯᠢᠭ᠂ ᠠᠷᠭ᠎ᠠ ᠮᠠᠶ᠋ᠢᠭ ᠨᠢ ᠠᠮᠢᠳᠤᠯᠢᠭ︾ ᠪᠠᠶᠢᠬᠤ ᠶᠢ ᠪᠠᠶᠡᠯᠡᠭᠦᠯᠦᠨ᠂ ᠭᠤᠤᠯ ᠲᠤᠭᠤᠶᠢᠯᠠᠩ ᠤᠨ ᠰᠤᠷᠤᠯᠴᠠᠯᠭ᠎ᠠ ᠶᠢ ᠲᠦᠷᠢᠮᠵᠢᠭᠦᠯᠦᠨ ᠲᠡᠰ ᠲᠡᠪᠰᠢᠭᠦᠯᠬᠦ ᠶᠢ ᠠᠬᠢᠭᠤᠯᠬᠤ ᠭᠡᠷᠡᠭᠳᠡᠢ᠃ ᠪᠤᠳᠠᠳᠤ ᠦᠷ᠎ᠡ ᠪᠦᠳᠦᠮᠵᠢ ᠤᠯᠬᠤ ᠶᠢ ᠴᠢᠬᠤᠯᠠᠴᠢᠯᠠᠵᠤ᠂ ᠲᠦᠷᠢᠮ ᠶᠤᠰᠤᠭᠠᠷ ᠬᠠᠮᠢᠶᠠᠷᠤᠨ᠂ ᠰᠤᠷᠤᠯᠴᠠᠯᠭ᠎ᠠ ᠶᠢ ᠴᠢᠩᠭ᠎ᠠ ᠠᠳᠬᠤᠵᠤ᠂ ᠰᠤᠷᠤᠯᠴᠠᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ ᠠᠵᠢᠯ ᠢᠶᠠᠨ ᠠᠬᠢᠭᠤᠯᠵᠤ ᠬᠦᠭᠵᠢᠯᠳᠠ ᠶᠢ ᠲᠦᠷᠭᠡᠳᠭᠡᠨ᠂ ᠰᠤᠷᠤᠯᠴᠠᠯᠭ᠎ᠠ ᠶᠢᠨ ᠦᠷ᠎ᠡ ᠪᠦᠳᠦᠮᠵᠢ ᠪᠠᠨ ᠦᠪᠡᠷ ᠢ ᠪᠠᠨ ᠲᠡᠭᠡᠭᠰᠢᠯᠡᠬᠦᠯᠬᠦ ᠬᠦᠳᠡᠯᠭᠡᠬᠦ ᠬᠦᠴᠦᠨ᠂ ᠦᠨᠡᠨᠬᠦ ᠪᠦᠳᠦᠮᠵᠢᠳᠠᠢ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠡ ᠪᠠ ᠠᠷᠠᠳ ᠲᠤ ᠦᠢᠯᠡᠴᠢᠯᠡᠬᠦ ᠴᠢᠳᠠᠪᠤᠷᠢ ᠪᠤᠯᠭᠠᠨ ᠬᠤᠪᠢᠷᠠᠭᠤᠯᠵᠤ᠂ ᠰᠤᠷᠬᠤ ᠶᠢᠨ ᠲᠠᠭᠠᠤ ᠭᠡᠷᠡᠭᠯᠡᠬᠦ᠂ ᠭᠡᠷᠡᠭᠯᠡᠬᠦ ᠶᠢᠨ ᠲᠠᠭᠠᠤ ᠰᠤᠷᠤᠯᠴᠠᠬᠤ ᠶᠢ ᠠᠬᠢᠭᠤᠯᠵᠤ᠂ ᠰᠤᠷᠴᠤ ᠭᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠭᠡᠷᠡᠭᠳᠡᠢ ᠭᠡᠪᠡ᠃       ᠤᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠤᠯᠳᠠᠯᠭᠠᠳᠤ ᠠᠵᠢᠯ ᠤᠨ ᠲᠠᠯ᠎ᠠ ᠪᠠᠷ ᠡᠷᠳᠡᠨᠢᠪᠢᠯᠢᠭ ᠴᠢᠬᠤᠯᠠᠴᠢᠯᠠᠬᠤ ᠳᠠᠭᠠᠨ ᠤᠯᠤᠰ ᠲᠦᠷᠦ ᠶᠢᠨ ᠵᠤᠭᠰᠤᠴᠨ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠠᠵᠢᠯ  ᠤᠨ ᠠᠷᠭ᠎ᠠ ᠭᠡᠮᠵᠢᠶ᠎ᠠ ᠪᠠᠨ ᠨᠠᠷᠢᠯᠢᠭᠵᠢᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ᠂ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ᠂ ᠬᠦᠳᠡᠭᠡ ᠲᠤᠰᠬᠤᠨ  ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠬᠦᠯᠦᠰᠦᠨ ᠠᠵᠢᠯᠴᠢᠨ ᠤ ᠴᠠᠯᠢᠩ ᠮᠦᠩᠬᠦ ᠶᠢ ᠬᠤᠭᠤᠴᠠᠭᠠᠨ ᠳᠤᠨᠢ ᠦᠭᠬᠦ ᠶᠢ ᠪᠠᠳᠤᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠳᠤᠳᠠᠢ ᠡᠮᠬᠢ ᠴᠡᠭᠴᠡᠳᠡᠢ ᠠᠬᠢᠭᠤᠯᠬᠤ ᠶᠢᠨ ᠲᠠᠭᠠᠤ ᠰᠤᠷᠳᠠᠯ ᠤᠨ ᠪᠠᠶᠢᠭᠤᠯᠤᠯᠳᠠ᠂ ᠦᠨᠳᠤᠰᠦᠳᠡᠨ ᠤ ᠪᠦᠯᠬᠦᠮᠳᠠᠯ ᠂ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ᠂ ᠨᠠᠶᠢᠭᠡᠮ ᠤᠨ ᠠᠮᠤᠷ ᠲᠤᠭᠳᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠦᠷᠬᠦᠯᠵᠢᠯᠡᠨ ᠰᠠᠶᠢᠳᠤᠷ ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠬᠤ ᠶᠢ ᠪᠠᠳᠤᠯᠠᠬᠤ ᠭᠡᠷᠡᠭᠳᠡᠢ ᠭᠡᠪᠡ᠃  
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号