ᠡᠵᠡᠩᠨᠡᠯᠲᠡ ᠶᠢᠨ ᠦᠨᠡᠮᠯᠡᠯ ᠢ ᠬᠦᠢᠴᠡᠳᠬᠡᠬᠦ ᠲᠤᠬᠠᠢ
ᠨᠡᠶᠢᠲᠡᠯᠡᠭᠰᠡᠨ ᠴᠠᠭ᠄
2018-08-08
      ︽ᠬᠤᠷᠢᠨ ᠳᠤᠯᠤᠭᠠᠨ ᠦᠨᠡᠮᠯᠡᠯ ᠢ ᠨᠢᠬᠡᠳᠬᠡᠵᠣ ᠨᠢᠭᠡ ᠦᠨᠡᠮᠯᠡᠯ ᠨᠢᠭᠡ ᠨᠤᠮᠧᠷ ᠲᠠᠢ︾ ᠪᠣᠯᠭᠠᠵᠣ ᠳᠠᠩᠰᠠᠯᠠᠬᠤ ᠳᠤ ᠬᠠᠩᠭᠠᠬᠤ ᠮᠠᠲ᠋ᠧᠷᠢᠶᠠᠯ      ⒈ ︽ᠺᠤᠮᠫᠠᠨᠢ ᠳᠠᠩᠰᠠᠯᠠᠬᠤ ︵ᠳᠠᠩᠰᠠᠨ ᠳᠤ ᠲᠡᠮᠳᠡᠭᠯᠡᠬᠦ︶ ᠭᠤᠶᠤᠪᠴᠢᠯᠠᠯ ᠤᠨ ᠪᠢᠴᠢᠭ︾      ⒉ ︽ᠲᠤᠭᠳᠠᠭᠰᠠᠨ ᠲᠦᠯᠦᠭᠡᠯᠡᠭᠴᠢ ᠪᠤᠶᠤ ᠬᠠᠮᠲᠤ ᠪᠠᠷ ᠨᠠᠶᠢᠳᠠᠭᠰᠠᠨ ᠤᠷᠤᠯᠠᠨ ᠬᠦᠢᠴᠡᠳᠭᠡᠭᠴᠢ ᠳᠤ ᠡᠷᠭᠡ ᠤᠯᠭᠤᠭᠰᠠᠨ ᠨᠠᠶᠢᠳᠠᠯᠭ᠎ᠠ ᠶᠢᠨ ᠪᠢᠴᠢᠭ︾ ᠵᠢᠴᠢ ᠲᠤᠭᠳᠠᠭᠰᠠᠨ ᠲᠦᠯᠦᠭᠡᠯᠡᠭᠴᠢ ᠪᠤᠶᠤ ᠬᠠᠮᠲᠤ ᠪᠠᠷ ᠨᠠᠶᠢᠳᠠᠭᠰᠠᠨ ᠤᠷᠤᠯᠠᠨ ᠬᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠪᠤᠯᠤᠨ ᠬᠠᠭᠤᠯᠪᠣᠷᠢ ᠪᠢᠴᠢᠭ᠃      ⒊ ᠪᠦᠬᠦ ᠬᠤᠪᠢ ᠤᠷᠤᠭᠤᠯᠤᠭᠴᠢᠳ ᠤᠨ ᠭᠠᠷ ᠤᠨ ᠦᠰᠦᠭ ᠵᠢᠷᠤᠭᠰᠠᠨ ᠺᠤᠮᠫᠠᠨᠢ ᠶᠢᠨ ᠲᠦᠷᠢᠮ ᠲᠤᠭᠳᠠᠭᠠᠯ᠃      ⒋ ᠬᠤᠪᠢ ᠤᠷᠤᠭᠤᠯᠤᠭᠴᠢᠳ ᠤᠨ ᠭᠤᠤᠯ ᠴᠤᠭᠴᠠ ᠶᠢᠨ ᠬᠢᠷᠢ ᠬᠡᠮ ᠤᠨ ᠬᠡᠷᠡᠴᠢ ᠪᠤᠶᠤ ᠬᠤᠪᠢ ᠬᠦᠮᠦᠨ  ᠤ ᠪᠡᠶ᠎ᠡ ᠶᠢᠨ ᠦᠨᠡᠮᠯᠡᠯ ᠪᠤᠯᠤᠨ ᠬᠠᠭᠤᠯᠪᠣᠷᠢ ᠪᠢᠴᠢᠭ᠃      ⒌ ᠭᠡᠷᠡᠭ ᠮᠡᠳᠡᠭᠴᠢ᠂ ᠬᠢᠨᠡᠯᠲᠠ ᠲᠠᠯᠪᠢᠭᠴᠢ ᠪᠤᠯᠤᠨ ᠳᠠᠭᠠᠭᠠᠮᠠᠯ ᠤᠨ ᠲᠤᠰᠢᠶᠠᠯ ᠡᠬᠦᠷᠭᠡᠯᠡᠭᠰᠡᠨ ᠮᠠᠲ᠋ᠧᠷᠢᠶᠠᠯ ︵ᠬᠤᠪᠢ ᠤᠷᠤᠭᠤᠯᠤᠭᠴᠢᠳ ᠤᠨ ᠬᠤᠷᠠᠯ ᠤᠨ ᠰᠢᠢᠳᠪᠣᠷᠢ ᠶᠢ ᠬᠤᠪᠢ ᠤᠷᠤᠭᠤᠯᠤᠭᠴᠢᠳ ᠭᠠᠷ ᠤᠨ ᠦᠰᠦᠭ ᠵᠢᠷᠤᠵᠤ ᠲᠤᠭᠳᠠᠭᠠᠨ᠎ᠠ᠂ ᠬᠡᠷᠡᠭ ᠮᠡᠳᠡᠭᠴᠢ ᠶᠢᠨ ᠬᠤᠷᠠᠯ ᠢ ᠺᠤᠮᠫᠠᠨᠢ ᠶᠢᠨ ᠬᠡᠷᠡᠭ ᠮᠡᠳᠡᠭᠴᠢ ᠭᠠᠷ ᠤᠨ ᠦᠰᠦᠭ ᠵᠢᠷᠤᠵᠤ ᠲᠤᠭᠳᠠᠭᠠᠨ᠎ᠠ︶ ᠵᠢᠴᠢ ᠪᠡᠶ᠎ᠡ ᠶᠢᠨ ᠦᠨᠡᠮᠯᠡᠯ ᠪᠤᠯᠤᠨ ᠬᠠᠭᠤᠯᠪᠣᠷᠢ ᠪᠢᠴᠢᠭ᠃      ⒍ ᠬᠠᠤᠯᠢ ᠶᠢᠨ ᠲᠦᠯᠦᠭᠡᠯᠡᠭᠴᠢ ᠶᠢᠨ ᠲᠤᠰᠢᠶᠠᠯ ᠡᠭᠦᠷᠭᠡᠯᠡᠭᠰᠡᠨ ᠮᠠᠲ᠋ᠧᠷᠢᠶᠠᠯ ︵ᠬᠤᠪᠢ ᠤᠷᠤᠭᠤᠯᠤᠭᠴᠢᠳ  ᠤᠨ ᠬᠤᠷᠠᠯ ᠢ ᠬᠤᠪᠢ ᠤᠷᠤᠭᠤᠯᠤᠭᠴᠢᠳ ᠭᠠᠷ ᠤᠨ ᠦᠰᠦᠭ ᠵᠢᠷᠤᠵᠤ ᠲᠤᠭᠳᠠᠭᠠᠨ᠎ᠠ᠂ ᠭᠡᠷᠡᠭ ᠮᠡᠳᠡᠭᠴᠢ ᠶᠢᠨ ᠬᠤᠷᠠᠯ ᠢ ᠺᠤᠮᠫᠠᠨᠢ ᠶᠢᠨ ᠬᠡᠷᠡᠭ ᠮᠡᠳᠡᠭᠴᠢ ᠭᠠᠷ ᠤᠨ ᠦᠰᠦᠭ ᠵᠢᠷᠤᠵᠤ ᠲᠤᠭᠳᠠᠭᠠᠨ᠎ᠠ︶ ᠵᠢᠴᠢ ᠪᠡᠶ᠎ᠡ ᠶᠢᠨ ᠦᠨᠡᠮᠯᠡᠯ ᠪᠤᠯᠤᠨ ᠬᠠᠭᠤᠯᠪᠣᠷᠢ ᠪᠢᠴᠢᠭ᠃      ⒎ ᠤᠷᠤᠨ ᠰᠠᠭᠤᠴᠠ ᠬᠡᠷᠡᠭᠯᠡᠬᠦ ᠭᠡᠷᠡᠴᠢ ︵ᠦᠮᠴᠢᠯᠡᠯ ᠤᠨ ᠡᠷᠬᠡ ᠶᠢᠨ ᠭᠡᠷᠡᠴᠢ ᠪᠤᠶᠤ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ᠂ ᠭᠡᠷ ᠪᠠᠶᠢᠰᠢᠩ ᠲᠦᠷᠢᠶᠡᠰᠤᠯᠡᠭᠰᠡᠨ ᠭᠡᠷ᠎ᠡ ᠪᠤᠶᠤ ᠦᠨ᠎ᠡ ᠲᠦᠯᠦᠪᠤᠷᠢ ᠦᠭᠡᠢ ᠪᠠᠷ ᠭᠡᠷᠡᠭᠯᠡᠬᠦ ᠭᠡᠷᠡᠴᠢ ᠳᠠᠭᠠᠯᠳᠤᠭᠤᠯᠤᠨ᠎ᠠ︶᠂ ᠡᠵᠡᠩᠨᠡᠯᠲᠡ ᠶᠢᠨ ᠭᠠᠵᠠᠷ ᠪᠤᠯᠤᠨ ᠺᠤᠮᠫᠠᠨᠢ ᠶᠢᠨ ᠪᠠᠶᠢᠷᠢᠯᠠᠯ ᠨᠢ ᠠᠳᠠᠯᠢ ᠪᠤᠰᠤ ᠪᠤᠯ ᠡᠵᠡᠩᠨᠡᠯᠲᠡ ᠶᠢᠨ ᠭᠠᠵᠠᠷ ᠬᠡᠷᠡᠭᠯᠡᠬᠦ ᠭᠡᠷᠡᠴᠢ ᠳᠠᠭᠠᠯᠳᠤᠭᠤᠯᠬᠤ ᠬᠡᠷᠡᠭᠲᠠᠢ᠃      ⒏ ︽ᠠᠵᠤ ᠠᠬᠤᠶᠢᠯᠠᠯ ᠤᠨ ᠨᠡᠷ᠎ᠡ ᠶᠢ ᠣᠷᠢᠳᠴᠢᠯᠠᠨ ᠬᠢᠨᠠᠨ ᠵᠦᠪᠰᠢᠶᠡᠷᠡᠬᠦ ᠮᠡᠳᠡᠭᠳᠡᠯ ᠤᠨ ᠪᠢᠴᠢᠭ︾᠃      ⒐ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢᠨ ᠠᠮᠠᠯᠠᠯᠲᠠ ᠶᠢᠨ ᠪᠢᠴᠢᠭ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号