⒈ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠭᠤᠶᠤᠪᠴᠢᠯᠠᠯ ᠤᠨ ᠪᠢᠴᠢᠭ ︵ᠤᠷᠳᠤᠰ ᠤᠨ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠠᠴᠠ ᠦᠪᠡᠷᠳᠡᠭᠡᠨ ᠪᠠᠭᠤᠯᠭᠠᠬᠤ︶ ︵ᠰᠦᠯᠵᠢᠶᠡᠨ ᠤ ᠬᠠᠶ᠋ᠢᠭ᠄ | http://zwfw.ordos.gov.cn/︶︔ | ⒉ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠭᠴᠢ ᠪᠤᠶᠤ ᠡᠵᠡᠩᠨᠡᠭᠴᠢ︶ ᠶᠢᠨ ᠪᠡᠶ᠎ᠡ ᠶᠢᠨ | ᠦᠨᠡᠮᠯᠡᠯ ︵ᠳᠠᠷᠤᠮᠠᠯᠯᠠᠭᠰᠠᠨ ᠬᠠᠭᠤᠳᠠᠰᠤ 4 ᠬᠤᠪᠢ︶︔ | ⒊ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ ︵ᠳᠠᠷᠤᠮᠠᠯᠯᠠᠭᠰᠠᠨ | ᠬᠠᠭᠤᠳᠠᠰᠤ 4 ᠬᠤᠪᠢ︶︔ | ⒋ ᠢᠳᠡᠭᠡᠨ ᠤ ᠵᠦᠢᠯ ᠤᠨ ᠡᠵᠡᠩᠨᠡᠯᠲᠡ ᠬᠢᠬᠦ ᠬᠦᠮᠦᠨ ᠤ ᠪᠡᠶ᠎ᠡ ᠶᠢᠨ ᠡᠷᠡᠭᠦᠯ ᠮᠡᠨᠳᠤ ᠶᠢᠨ ᠪᠠᠶᠢᠴᠠᠭᠠᠯᠲᠠ | ᠶᠢᠨ ᠬᠢᠷᠢ ᠲᠡᠩᠴᠡᠭᠰᠡᠨ ᠦᠨᠡᠮᠯᠡᠯ ︵ᠳᠠᠷᠤᠮᠠᠯᠯᠠᠭᠰᠠᠨ ᠬᠠᠭᠤᠳᠠᠰᠤ 2 ᠬᠤᠪᠢ︶︔ | ⒌ ᠢᠳᠡᠭᠡᠨ ᠤ ᠵᠦᠢᠯ ᠤᠨ ᠡᠵᠡᠩᠨᠡᠯᠲᠡ ᠶᠢᠨ ᠭᠠᠵᠠᠷ ᠬᠡᠷᠡᠭᠯᠡᠬᠦ ᠭᠡᠷᠡᠴᠢ ︵ᠭᠡᠷ ᠪᠡᠶᠢᠰᠢᠩ ᠤᠨ ᠦᠮᠴᠢᠯᠡᠯ | ᠪᠤᠶᠤ ᠲᠦᠷᠢᠶᠡᠰᠤᠯᠡᠬᠦ ᠬᠡᠯᠡᠯᠴᠡᠭᠡᠷ ᠵᠡᠷᠭᠡ᠂ ᠪᠠᠰᠠ ᠢᠳᠡᠭᠡᠨ ᠤ ᠪᠤᠷᠤᠯᠠᠭᠤᠯᠭ᠎ᠠ ᠶᠢᠨ ᠭᠠᠵᠠᠷ ᠤᠨ ᠪᠠᠶᠢᠷᠢᠯᠠᠯ ᠤᠨ | ᠵᠢᠷᠤᠭ ᠢ ᠬᠠᠩᠭᠠᠨ᠎ᠠ︶︔ | ⒍ ᠢᠳᠡᠭᠡᠨ ᠤ ᠵᠦᠢᠯ ᠤᠨ ᠡᠵᠡᠩᠨᠡᠯᠲᠡ ᠲᠠᠢ ᠬᠤᠯᠪᠤᠭᠳᠠᠬᠤ ᠭᠤᠤᠯ ᠲᠤᠨᠤᠭ ᠲᠦᠭᠦᠭᠡᠷᠤᠮᠵᠢ ᠶᠢᠨ | ᠡᠵᠡᠯᠡᠬᠦ ᠤᠷᠤᠨ ᠵᠠᠢ ᠶᠢᠨ ᠬᠠᠪᠲᠠᠭᠠᠢ ᠶᠢᠨ ᠪᠠᠶᠢᠷᠢᠯᠠᠭᠤᠯᠤᠯᠲᠠ ᠶᠢᠨ ᠵᠢᠷᠤᠭ︔ | ⒎ ᠢᠳᠡᠭᠡᠨ ᠤ ᠵᠦᠢᠯ ᠤᠨ ᠠᠶᠤᠯᠭᠦᠢ ᠶᠢ ᠪᠠᠲᠤᠯᠠᠬᠤ ᠬᠠᠮᠢᠶᠠᠷᠤᠯᠲᠠ ᠶᠢᠨ ᠲᠦᠷᠢᠮ︔ | ᠬᠢᠷᠢ ᠲᠡᠩᠴᠡᠬᠦ ᠦᠭᠡᠢ ᠢᠳᠡᠭᠡᠨ ᠤ ᠵᠦᠢᠯ ᠢ ᠵᠠᠬ᠎ᠠ ᠳᠡᠯᠭᠡᠭᠦᠷ ᠠᠴᠠ ᠭᠠᠷᠭᠠᠬᠤ ᠲᠦᠷᠢᠮ | ᠢᠳᠡᠭᠡᠨ ᠤ ᠵᠦᠢᠯ ᠤᠨ ᠠᠶᠤᠯᠭᠦᠢ ᠶᠢᠨ ᠭᠡᠨᠡᠳᠡᠯ ᠢ ᠰᠢᠢᠳᠪᠤᠷᠢᠯᠡᠬᠦ ᠲᠦᠷᠢᠮ | ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ | ᠢᠳᠡᠭᠡᠨ ᠤ ᠵᠦᠢᠯ ᠤᠨ ᠡᠵᠡᠩᠨᠡᠯᠲᠡ ᠶᠢᠨ ᠪᠠᠭᠠᠵᠢ ᠬᠡᠷᠡᠭᠰᠡᠯ ᠤᠨ ᠠᠷᠢᠭᠤᠳᠬᠠᠯ ᠴᠡᠪᠡᠷᠯᠡᠭᠡ ᠪᠤᠯᠤᠨ ᠬᠢᠨᠠᠨ | ᠪᠠᠶᠢᠴᠠᠭᠠᠯᠲᠠ ᠶᠢᠨ ᠲᠦᠷᠢᠮ | ᠢᠳᠡᠭᠡᠨ ᠤ ᠵᠦᠢᠯ ᠤᠨ ᠡᠵᠡᠩᠨᠡᠭᠴᠢ ᠶᠢᠨ ᠪᠤᠯᠪᠠᠰᠤᠷᠠᠯ ᠤᠨ ᠲᠦᠷᠢᠮ | ᠢᠳᠡᠭᠡᠨ ᠤ ᠵᠦᠢᠯ ᠤᠨ ᠡᠵᠡᠩᠨᠡᠭᠴᠢ ᠶᠢᠨ ᠡᠷᠡᠭᠦᠯ ᠴᠢᠭᠢᠷᠠᠭ ᠤᠨ ᠪᠠᠶᠢᠴᠠᠭᠠᠯᠲᠠ ᠶᠢᠨ ᠲᠦᠷᠢᠮ | ᠢᠳᠡᠭᠡᠨ ᠤ ᠵᠦᠢᠯ ᠢ ᠬᠠᠳᠠᠭᠠᠯᠠᠬᠤ ᠬᠠᠮᠢᠶᠠᠷᠤᠯᠲᠠ ᠶᠢᠨ ᠲᠦᠷᠢᠮ | ᠢᠳᠡᠭᠡᠨ ᠤ ᠵᠦᠢᠯ ᠤᠨ ᠠᠶᠤᠯᠭᠦᠢ ᠶᠢ ᠦᠪᠡᠷᠳᠡᠭᠡᠨ ᠬᠢᠨᠠᠬᠤ ᠲᠦᠷᠢᠮ | ᠢᠳᠡᠭᠡᠨ ᠤ ᠵᠦᠢᠯ ᠤᠨ ᠠᠶᠤᠯᠭᠦᠢ ᠶᠢᠨ ᠬᠠᠮᠢᠶᠠᠷᠤᠭᠴᠢ ᠶᠢᠨ ᠲᠦᠷᠢᠮ | ᠢᠳᠡᠭᠡᠨ ᠤ ᠵᠦᠢᠯ ᠢ ᠤᠷᠤᠭᠤᠯᠬᠤ ᠦᠶ᠎ᠡ ᠶᠢᠨ ᠪᠠᠶᠢᠴᠠᠭᠠᠯᠲᠠ ᠪᠤᠯᠤᠨ ᠲᠡᠮᠳᠡᠭᠯᠡᠯ ᠤᠨ ᠲᠦᠷᠢᠮ | ᠢᠳᠡᠭᠡᠨ ᠤ ᠵᠦᠢᠯ ᠤᠨ ᠡᠵᠡᠩᠨᠡᠯᠲᠡ ᠶᠢᠨ ᠶᠠᠪᠤᠴᠠ ᠪᠤᠯᠤᠨ ᠡᠵᠡᠮᠳᠡᠯ ᠤᠨ ᠲᠦᠷᠢᠮ | ⒏ ᠢᠳᠡᠭᠡᠨ ᠤ ᠡᠵᠡᠩᠨᠡᠯᠲᠡ ᠲᠠᠢ ᠬᠤᠯᠪᠤᠭᠳᠠᠭᠰᠠᠨ ᠠᠵᠢᠯᠯᠠᠬᠤ ᠲᠡᠰ ᠳᠠᠷᠠᠭ᠎ᠠ ᠵᠡᠷᠭᠡ ᠪᠢᠴᠢᠭ | ᠮᠠᠲ᠋ᠧᠷᠢᠶᠠᠯ ︵2 ᠬᠤᠪᠢ︶︔ | ⒐ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠲᠤᠭᠳᠠᠭᠠᠭᠰᠠᠨ ᠪᠤᠰᠤᠳ ᠮᠠᠲ᠋ᠧᠷᠢᠶᠠᠯ᠃ | ᠦᠤᠰᠢᠨ ᠬᠤᠰᠢᠭᠤᠨ ᠤ ᠭᠠᠯᠠᠭᠤᠲᠦ ᠪᠠᠯᠭᠠᠰᠤᠨ ᠤ ᠬᠡᠪᠴᠢᠶᠠᠨ ᠳᠤᠲᠤᠷᠠᠬᠢ ᠢᠳᠡᠭᠡᠨ ᠡᠵᠡᠩᠨᠡᠬᠦ | ᠵᠦᠪᠰᠢᠶᠡᠷᠡᠯ ᠢ ᠬᠦᠯᠢᠶᠡᠨ ᠠᠪᠴᠤ ᠰᠢᠢᠳᠪᠤᠷᠢᠯᠡᠬᠦ᠂ ᠦᠨᠡᠮᠯᠡᠯ ᠭᠠᠷᠳᠠᠭᠤᠯᠬᠤ ᠵᠡᠷᠭᠡ ᠠᠵᠢᠯ ᠨᠢ ᠦᠤᠰᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠬᠤᠶᠠᠳᠤᠭᠠᠷ ᠳᠠᠪᠬᠤᠷᠯᠢᠭ ᠤᠨ B203᠂ | B204᠂ B205 ᠳ᠋ᠤᠭᠠᠷ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ | ᠶᠡᠷᠤᠩᠬᠡᠶᠢᠯᠡᠭᠰᠡᠨ ᠠᠵᠢᠯ ᠤᠨ ᠴᠤᠩᠬᠤᠪᠴᠢ ᠳᠤ ᠬᠦᠢᠴᠡᠳᠭᠡᠨ᠎ᠡ᠂ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠬᠤ᠂ | ᠬᠢᠨᠠᠨ ᠵᠦᠪᠰᠢᠶᠡᠷᠡᠬᠦ ᠵᠡᠷᠭᠡ ᠠᠵᠢᠯ ᠢ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ | ᠲᠤᠪᠴᠢᠶᠠᠨ ᠠᠴᠠ ᠨᠢᠭᠡᠳᠤᠯᠲᠠᠢ ᠬᠠᠷᠢᠭᠤᠴᠠᠨ᠎ᠠ᠂ ᠪᠤᠰᠤᠳ ᠰᠤᠮᠤ ᠪᠠᠯᠭᠠᠰᠤᠨ ᠤ ᠢᠳᠡᠭᠡᠨ ᠤᠮᠳᠠᠭᠠᠨ ᠡᠵᠡᠩᠨᠡᠬᠦ | ᠵᠦᠪᠰᠢᠶᠡᠷᠡᠯ ᠤᠨ ᠠᠵᠢᠯ ᠢ ᠴᠦᠮ ᠦᠨᠳᠤᠰᠤᠨ ᠱᠠᠲᠤᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠰᠠᠯᠪᠤᠷᠢ | ᠬᠠᠷᠢᠭᠤᠴᠠᠨ᠎ᠠ᠃ |