ᠯᠠᠯᠤ ᠶᠢᠨ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠬᠡᠷᠬᠢᠨ ᠬᠦᠢᠴᠡᠳᠬᠡᠬᠦ ᠲᠤᠬᠠᠢ
ᠨᠡᠶᠢᠲᠡᠯᠡᠭᠰᠡᠨ ᠴᠠᠭ᠄
2018-08-08
     ⒈ ᠭᠤᠶᠤᠪᠴᠢᠯᠠᠬᠤ ᠨᠦᠬᠦᠴᠡᠯ      ⑴ ᠯᠠᠯᠤ ᠶᠢᠨ ᠢᠳᠡᠭᠡᠨ ᠤᠮᠳᠠᠭᠠᠨ ᠤ ᠭᠤᠤᠯ ᠪᠤᠯᠬᠤ ᠭᠤᠭᠴᠤᠭ᠎ᠠ᠄ ᠯᠠᠯᠤ ᠶᠢᠨ ᠢᠳᠡᠭᠡᠨ ᠤᠮᠳᠠᠭᠠᠨ ᠢ ᠬᠤᠳᠠᠯᠳᠤᠨ ᠠᠪᠬᠤ᠂ ᠬᠠᠮᠢᠶᠠᠷᠬᠤ᠂ ᠦᠢᠯᠡᠳᠪᠤᠷᠢᠯᠡᠬᠦ ᠵᠡᠷᠭᠡ ᠠᠵᠢᠯ ᠤᠨ ᠪᠠᠶᠢᠷᠢ ᠶᠢ ᠡᠷᠭᠡᠪᠰᠢ ᠯᠠᠯᠤ ᠶᠢᠨ ᠢᠳᠡᠭᠡᠨ ᠤᠮᠳᠠᠭᠠᠨ ᠢ ᠬᠡᠷᠡᠭᠯᠡᠳᠡᠭ ᠴᠦᠭᠡᠨ ᠲᠤᠭᠠᠲᠤ ᠦᠨᠳᠤᠰᠤᠳᠡᠨ ᠤ ᠬᠦᠮᠦᠰ ᠡᠭᠦᠷᠭᠡᠯᠡᠨ᠎ᠡ᠃      ⑵ ᠯᠠᠯᠤ ᠶᠢᠨ ᠢᠳᠡᠭᠡᠨ ᠤᠮᠳᠠᠭᠠᠨ ᠢ ᠦᠢᠯᠡᠳᠪᠤᠷᠢᠯᠡᠳᠡᠭ ᠠᠵᠤ ᠠᠬᠤᠶᠢᠯᠠᠯ ᠤᠨ ᠨᠢᠲᠤᠯᠠᠬᠤ᠂ ᠬᠠᠳᠠᠭᠠᠯᠠᠬᠤ᠂ ᠦᠢᠯᠡᠳᠪᠤᠷᠢᠯᠡᠬᠦ᠂ ᠬᠤᠪᠢᠶᠠᠷᠢᠯᠠᠨ ᠪᠤᠭᠤᠳᠠᠯᠯᠠᠬᠤ᠂ ᠳᠡᠭᠡᠭᠡᠪᠤᠷᠢᠯᠡᠬᠦ᠂ ᠪᠤᠷᠤᠯᠠᠭᠤᠯᠬᠤ ᠭᠤᠭᠴᠤᠭ᠎ᠠ  ᠶᠢ ᠡᠩ ᠤᠨ ᠪᠠᠶᠢᠳᠠᠯ ᠳᠤᠤᠷ᠎ᠠ ᠯᠠᠯᠤ ᠶᠢᠨ ᠢᠳᠡᠭᠡᠨ ᠤᠮᠳᠠᠭᠠᠨ ᠢ ᠬᠡᠷᠡᠭᠯᠡᠳᠡᠭ ᠴᠦᠭᠡᠨ ᠲᠤᠭᠠᠲᠤ ᠦᠨᠳᠤᠰᠤᠳᠡᠨ ᠤ ᠬᠦᠮᠦᠰ ᠡᠭᠦᠷᠭᠡᠯᠡᠨ᠎ᠡ᠃      ⑶ ᠲᠠᠯᠠᠪᠤᠷ ᠲᠠᠬᠢ ᠡᠯ᠎ᠡ ᠲᠦᠷᠦᠯ ᠤᠨ ᠪᠠᠭᠠᠵᠢ ᠬᠡᠷᠡᠭᠰᠡᠯ ᠢ ᠡᠷᠬᠡᠪᠰᠢ ᠲᠤᠰᠬᠠᠢ ᠬᠡᠷᠡᠭᠯᠡᠬᠦ᠂ ᠯᠠᠯᠤ ᠶᠢᠨ ᠢᠳᠡᠭᠡᠨ ᠤᠮᠳᠠᠭᠠᠨ ᠤ ᠵᠠᠩᠰᠢᠯ ᠳᠤ ᠨᠡᠶᠢᠴᠡᠭᠰᠡᠨ ᠵᠤᠬᠢᠶᠠᠨ ᠪᠠᠶᠢᠭᠤᠯᠬᠤ ᠪᠠᠶᠢᠭᠤᠯᠤᠮᠵᠢ ᠪᠠ ᠬᠠᠮᠢᠶᠠᠷᠤᠯᠲᠠ ᠶᠢᠨ ᠲᠦᠷᠢᠮ ᠲᠠᠢ ᠪᠠᠶᠢᠵᠤ᠂ ᠡᠭᠦᠨ ᠤ ᠬᠠᠮᠲᠤ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠲᠠᠢ ᠪᠠᠶᠢᠬᠤ ᠬᠡᠷᠡᠭᠲᠠᠢ᠃      ⑷ ᠯᠠᠯᠤ ᠶᠢᠨ ᠢᠳᠡᠭᠡᠨ ᠤᠮᠳᠠᠭᠠᠨ ᠢ ᠦᠢᠯᠡᠳᠪᠤᠷᠢᠯᠡᠬᠦ᠂ ᠡᠵᠡᠩᠨᠡᠬᠦ ᠳᠤ ᠬᠡᠷᠡᠭᠰᠡᠬᠦ ᠮᠢᠬᠠᠨ ᠤ ᠲᠦᠷᠦᠯ ᠢ ᠡᠷᠭᠡᠪᠰᠢ ᠯᠠᠯᠤ ᠶᠢᠨ ᠠᠯᠠᠰᠢᠨ ᠭᠠᠵᠠᠷ ᠪᠤᠶᠤ ᠲᠤᠰᠬᠠᠢ ᠡᠵᠡᠩᠨᠡᠯᠲᠡ ᠶᠢᠨ ᠭᠠᠵᠠᠷ ᠠᠴᠠ ᠬᠤᠳᠠᠯᠳᠤᠨ ᠠᠪᠬᠤ ᠬᠡᠷᠡᠭᠲᠠᠢ᠃      ⑸ ᠭᠠᠳᠠᠨ᠎ᠠ ᠤᠷᠤᠨ ᠠᠴᠠ ᠤᠷᠤᠭᠤᠯᠤᠨ ᠠᠪᠴᠢᠷᠠᠭᠰᠠᠨ ᠯᠠᠯᠤ ᠶᠢᠨ ᠮᠢᠬᠠᠨ ᠲᠦᠷᠦᠯ ᠵᠦᠢᠯ ᠳᠤ ᠯᠠᠯᠤ  ᠶᠢᠨ ᠢᠳᠡᠭᠡᠨ ᠤᠮᠳᠠᠭᠠᠨ ᠤ ᠬᠤᠯᠪᠤᠭᠳᠠᠯ ᠪᠦᠬᠦᠢ ᠭᠡᠷᠡᠴᠢ ᠲᠡᠮᠳᠡᠭ ᠪᠠᠶᠢᠬᠤ ᠬᠡᠷᠡᠭᠲᠠᠢ᠃      ⒉ ᠭᠤᠶᠤᠪᠴᠢᠯᠠᠬᠤ ᠳᠤ ᠬᠡᠷᠡᠭᠰᠡᠬᠦ ᠮᠠᠲ᠋ᠧᠷᠢᠶᠠᠯ      ⑴ ᠯᠠᠯᠤ ᠶᠢᠨ ᠢᠳᠡᠭᠡᠨ ᠤᠮᠳᠠᠭᠠᠨ ᠢ ᠦᠢᠯᠡᠳᠪᠤᠷᠢᠯᠡᠨ ᠡᠵᠡᠩᠨᠡᠬᠦ ᠶᠢ ᠵᠦᠪᠰᠢᠶᠡᠷᠡᠬᠦ ᠭᠤᠶᠤᠪᠴᠢᠯᠠᠯ ᠤᠨ ᠬᠦᠰᠦᠨᠦᠭ ᠢ ᠲᠠᠭᠯᠠᠨ᠎ᠠ᠃      ⑵ ᠠᠵᠤ ᠠᠬᠤᠶᠢᠯᠠᠯ ᠤᠨ ᠪᠠᠶᠢᠭᠤᠯᠤᠮᠵᠢ ᠶᠢᠨ ᠭᠡᠷᠡᠴᠢ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠵᠦᠪᠰᠢᠶᠡᠷᠡᠯ ᠤᠨ ᠦᠨᠡᠮᠯᠡᠯ᠂ ᠦᠢᠯᠡᠳᠪᠤᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠡᠷᠭᠡ ᠬᠤᠯᠪᠤᠭᠳᠠᠯ ᠪᠦᠬᠦᠢ ᠭᠡᠷᠡᠴᠢ ᠬᠠᠩᠭᠠᠨ᠎ᠠ᠃      ⑶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠦᠢᠯᠡᠳᠪᠤᠷᠢ ᠬᠤᠳᠠᠯᠳᠤᠭᠠᠨ ᠤ ᠬᠤᠪᠢ ᠡᠷᠤᠬᠡ ᠶᠢᠨ ᠬᠠᠤᠯᠢ ᠶᠢᠨ ᠬᠦᠮᠦᠨ ᠤ ᠪᠡᠶ᠎ᠡ ᠶᠢᠨ ᠦᠨᠡᠮᠯᠡᠯ ᠪᠠ ᠲᠠᠷᠤᠮᠠᠯᠯᠠᠭᠰᠠᠨ ᠭᠡᠷᠡᠴᠢ ᠬᠠᠩᠭᠠᠨ᠎ᠠ᠃      ⑷ ᠠᠵᠢᠯᠯᠠᠵᠤ ᠪᠠᠶᠢᠭ᠎ᠠ ᠬᠦᠮᠦᠰ ᠤᠨ ᠨᠡᠷ᠎ᠡ ᠶᠢᠨ ᠬᠦᠰᠦᠨᠦᠭᠲᠦ ︵ᠠᠯᠪᠠᠨ ᠲᠠᠮᠠᠭ᠎ᠠ︶ ᠪᠠ ᠪᠡᠶ᠎ᠡ ᠶᠢᠨ ᠦᠨᠡᠮᠯᠡᠯ ᠵᠢᠴᠢ ᠲᠠᠷᠤᠮᠠᠯᠯᠠᠭᠰᠠᠨ ᠭᠡᠷᠡᠴᠢ ᠬᠠᠩᠭᠠᠨ᠎ᠠ᠃      ⑸ ᠯᠠᠯᠤ ᠶᠢᠨ ᠢᠳᠡᠭᠡᠨ ᠤᠮᠳᠠᠭᠠᠨ ᠢ ᠦᠢᠯᠡᠳᠪᠤᠷᠢᠯᠡᠬᠦ᠂ ᠪᠤᠯᠪᠠᠰᠤᠷᠠᠭᠤᠯᠬᠤ ᠲᠦᠷᠢᠮ ᠲᠤᠭᠲᠠᠭᠠᠯ ᠢ ᠬᠠᠩᠭᠠᠨ᠎ᠠ᠃      ⑹ ᠨᠢᠭᠡ ᠢᠮᠡᠬᠤ ᠶᠢᠨ ᠦᠩᠭᠡᠲᠤ ᠭᠡᠷᠡᠯ ᠵᠢᠷᠤᠭ 2 ᠬᠤᠪᠢ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号