ᠲᠡᠯᠭᠡᠭᠦᠷ ᠡᠷᠬᠢᠯᠡᠬᠦ ᠳᠣᠬᠠᠢ
ᠨᠡᠶᠢᠲᠡᠯᠡᠭᠰᠡᠨ ᠴᠠᠭ᠄
2018-08-08
     ⒈ ᠦᠤᠰᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ︽ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ︾ ᠨᠢᠭᠡᠯᠡ ᠳᠡᠭᠡᠷ᠎ᠡ ᠬᠦᠯᠢᠶᠡᠨ ᠠᠪᠴᠤ ᠬᠦᠢᠴᠡᠳᠬᠡᠬᠦ ᠴᠤᠩᠬᠤᠪᠴᠢ ᠳᠤ ᠬᠦᠷᠴᠤ ᠬᠦᠢᠴᠡᠳᠬᠡᠨ᠎ᠡ᠃      ⒉ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠬᠢᠨᠠᠨ ᠬᠠᠷᠭᠤᠭᠤᠯᠬᠤ ᠪᠠᠷ ᠳᠠᠮᠵᠢᠭᠤᠯᠤᠨ ᠨᠢᠭᠡᠳᠤᠯᠲᠠᠢ ᠨᠡᠶᠢᠬᠡᠮ ᠤᠨ ᠢᠲᠡᠭᠡᠮᠵᠢ ᠶᠢᠨ ᠲᠦᠯᠦᠭᠡᠨ ᠤ ᠨᠤᠮᠧᠷ ᠲᠠᠢ ᠡᠵᠡᠩᠨᠡᠯᠲᠡ ᠶᠢᠨ ᠦᠨᠡᠮᠯᠡᠯ ᠢ ᠲᠤᠰᠢᠶᠠᠨ᠎ᠠ᠃      ⒊ ︽ᠬᠤᠷᠢᠨ ᠳᠤᠯᠤᠭᠠᠨ ᠦᠨᠡᠮᠯᠡᠯ ᠢ ᠨᠢᠭᠡᠳᠬᠡᠬᠦ︾ ᠨᠢᠭᠡᠯᠡ ᠳᠡᠭᠡᠷ᠎ᠡ ᠬᠦᠯᠢᠶᠡᠨ ᠠᠪᠴᠤ ᠬᠦᠢᠴᠡᠳᠬᠡᠬᠦ ᠴᠤᠩᠬᠤᠪᠴᠢ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠬᠤᠯᠪᠤᠭᠳᠠᠯ ᠪᠦᠬᠦᠢ ᠮᠡᠳᠡᠭᠡ ᠵᠠᠩᠭᠢ ᠶᠢ ᠬᠦᠷᠭᠡᠨ᠎ᠡ᠃      ⑴ ᠦᠤᠰᠢᠨ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠭᠠᠶᠢᠯᠢ ᠶᠢᠨ ᠶᠠᠪᠤᠳᠠᠯ ᠤᠨ ᠳᠠᠩᠰᠠᠯᠠᠭᠤᠯᠤᠭᠰᠨ ᠦᠨᠡᠮᠯᠡᠯ︶᠃      ⑵ᠦᠤᠰᠢᠨ ᠬᠤᠰᠢᠭᠤᠨ ᠤ ᠶᠠᠰᠤ ᠴᠢᠨᠠᠷ ᠮᠡᠷᠭᠡᠵᠢᠯ ᠤᠨ ᠬᠢᠨᠡᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠠᠷᠭᠤᠭᠤᠯᠤᠨ᠎ᠠ᠃      ⑶ ᠦᠤᠰᠢᠨ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ᠃      ⑷ ᠦᠤᠰᠢᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠬᠡᠮ ᠤᠨ ᠪᠠᠲᠤᠯᠠᠭ᠎ᠠ  ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ᠃      ⑸ ᠦᠤᠰᠢᠨ ᠬᠤᠰᠢᠭᠤᠨ ᠤ ᠬᠦᠭᠵᠢᠭᠦᠯᠦᠯᠲᠡ ᠦᠭᠡᠷᠡᠴᠢᠯᠡᠯᠲᠡ ᠠᠵᠤ ᠠᠬᠤᠢ ᠠᠷᠠᠯᠵᠢᠶᠡᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠲᠠ ᠶᠢᠨ ᠲᠤᠪᠴᠢᠶ᠎ᠠ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠵᠤ ᠠᠬᠤᠶᠢᠯᠠᠯ ᠤᠨ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠳᠠᠩᠰᠠᠯᠠᠬᠤ᠂ ᠭᠠᠭᠴᠠ ᠬᠡᠷᠡᠭᠴᠡᠭᠡ ᠪᠦᠬᠦᠢ ᠬᠤᠳᠠᠯᠳᠤᠭᠠᠨ ᠤ ᠤᠷᠢᠳᠴᠢᠯᠠᠨ ᠲᠤᠭᠠᠴᠠᠬᠤ ᠺᠠᠷᠲ ᠶᠢ ᠮᠡᠳᠡᠭᠦᠯᠵᠤ ᠳᠠᠩᠰᠠᠯᠠᠬᠤ᠂ ᠭᠡᠷ ᠪᠦᠯᠢ ᠶᠢᠨ ᠦᠢᠯᠡᠴᠢᠯᠡᠭᠡᠨ  ᠤ ᠪᠠᠶᠢᠭᠤᠯᠤᠮᠵᠢ ᠶᠢ ᠮᠡᠳᠡᠭᠦᠯᠵᠤ ᠳᠠᠩᠰᠠᠯᠠᠬᠤ᠂ ᠲᠠᠬᠢᠨ ᠠᠰᠢᠭᠯᠠᠵᠤ ᠪᠤᠯᠬᠤ ᠡᠬᠢ ᠪᠠᠶᠠᠯᠢᠭ ᠢ ᠮᠡᠳᠡᠭᠦᠯᠵᠤ ᠳᠠᠩᠰᠠᠯᠠᠬᠤ︶᠃      ⑹ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠵᠢᠭᠠᠰᠤᠨ ᠦᠢᠯᠡᠰ ᠤᠨ ᠠᠩᠨᠠᠵᠤ ᠱᠦᠭᠦᠭᠦ ᠵᠦᠪᠰᠢᠶᠡᠷᠡᠯ︶᠃      ⑺ ᠦᠤᠰᠢᠨ ᠬᠤᠰᠢᠭᠤᠨ ᠤ ᠢᠳᠡᠭᠡᠨ ᠤᠮᠳᠠᠭᠠᠨ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠶᠤᠯᠠᠯ ᠤᠨ ᠦᠢᠯᠡᠳᠬᠦᠨ ᠢ ᠡᠵᠡᠩᠨᠡᠬᠦ᠂ ᠬᠡᠷᠡᠭᠯᠡᠬᠦ ᠶᠢ ᠮᠡᠳᠡᠭᠦᠯᠵᠤ ᠳᠠᠩᠰᠠᠯᠠᠬᠤ︶᠃      ⑻ ᠦᠤᠰᠢᠨ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠶᠠᠨᠴᠢᠳ ᠤᠨ ᠪᠠᠭᠤᠳᠠᠯ ᠤᠨ ᠠᠵᠢᠯ ᠤᠨ ᠵᠦᠪᠰᠢᠶᠡᠷᠡᠯ᠂ ᠠᠯᠪᠠᠨ ᠲᠠᠮᠠᠭ᠎ᠠ ᠰᠡᠶᠢᠯᠬᠦ ᠠᠵᠢᠯ ᠤᠨ ᠵᠦᠪᠰᠢᠶᠡᠷᠡᠯ ᠵᠢᠴᠢ ᠲᠠᠮᠠᠭ᠎ᠠ ᠰᠡᠶᠢᠯᠬᠦ ᠶᠢ ᠵᠦᠪᠰᠢᠶᠡᠷᠡᠬᠦ ᠵᠦᠪᠰᠢᠶᠡᠷᠡᠯ᠂ ᠬᠠᠭᠤᠴᠢᠨ ᠲᠡᠮᠦᠷᠯᠢᠭ  ᠢ ᠬᠤᠷᠢᠶᠠᠨ ᠠᠪᠬᠤ ᠶᠢ ᠮᠡᠳᠡᠭᠦᠯᠵᠤ ᠳᠠᠩᠰᠠᠯᠠᠬᠤ︶᠃      ⑼ ᠦᠤᠰᠢᠨ ᠬᠤᠰᠢᠭᠤᠨ ᠤ ᠵᠢᠭᠤᠯᠴᠢᠯᠠᠯ ᠤᠨ ᠦᠢᠯᠡᠰ ᠢ ᠠᠬᠢᠭᠤᠯᠬᠤ ᠲᠦᠪ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠶᠠᠯᠠᠯ ᠵᠢᠭᠤᠯᠴᠢᠯᠠᠯ ᠤᠨ ᠭᠠᠵᠠᠷ ᠤᠨ ᠰᠦᠯᠵᠢᠶᠡᠨ ᠳᠠᠪᠴᠠᠩ ᠪᠠᠶᠢᠭᠤᠯᠬᠤ ᠶᠢ ᠳᠠᠩᠰᠠᠯᠠᠬᠤ᠂ ᠠᠶᠠᠯᠠᠯ ᠵᠢᠭᠤᠯᠴᠢᠯᠠᠯ ᠤᠨ ᠬᠤᠪᠢᠶᠠᠷᠢ ᠭᠠᠵᠠᠷ ᠪᠠᠶᠢᠭᠤᠯᠬᠤ ᠶᠢ ᠮᠡᠳᠡᠭᠦᠯᠵᠤ ᠳᠠᠩᠰᠠᠯᠠᠬᠤ︶᠃      ⑽ ᠦᠤᠰᠢᠨ ᠬᠤᠰᠢᠭᠤᠨ ᠤ ᠠᠮᠤ ᠪᠤᠳᠠᠭᠠᠨ ᠤ ᠬᠠᠮᠢᠶᠠᠷᠤᠯᠲᠠ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠠᠮᠤ ᠲᠤᠰᠤ ᠶᠢ ᠬᠦᠮᠦᠷᠭᠡᠯᠡᠨ ᠬᠠᠳᠠᠭᠠᠯᠠᠬᠤ ᠨᠢᠭᠡᠴᠢ ᠠᠮᠤ ᠲᠤᠰᠤ  ᠶᠢ ᠬᠦᠮᠦᠷᠭᠡᠯᠡᠨ ᠬᠠᠳᠠᠭᠠᠯᠠᠬᠤ ᠠᠵᠢᠯᠯᠠᠭ᠎ᠠ ᠪᠠᠨ ᠮᠡᠳᠡᠭᠦᠯᠵᠤ ᠳᠠᠩᠰᠠᠯᠠᠬᠤ︶᠃      ⑾ ᠦᠤᠰᠢᠨ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠮᠤᠳᠤᠨ ᠮᠠᠲ᠋ᠧᠷᠢᠶᠠᠯ ᠡᠵᠡᠩᠨᠡᠵᠤ ᠪᠤᠯᠪᠠᠰᠤᠷᠠᠭᠤᠯᠬᠤ ᠵᠦᠪᠰᠢᠶᠡᠷᠡᠯ ᠤᠨ ᠦᠨᠡᠮᠯᠡᠯ᠂ ᠤᠢ ᠮᠤᠳᠤᠨ ᠤ ᠦᠷ᠎ᠡ ᠶᠢ ᠦᠢᠯᠡᠳᠪᠦᠷᠢᠯᠡᠵᠤ ᠡᠵᠡᠩᠨᠡᠬᠦ ᠵᠦᠪᠰᠢᠶᠡᠷᠡᠯ ᠤᠨ ᠦᠨᠡᠮᠯᠡᠯ︶᠃      ⑿ ᠰᠤᠶᠤᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ ᠨᠢ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠤᠨ᠎ᠠ ︵ᠬᠡᠪᠯᠡᠯ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠤᠯᠤᠨ ᠪᠤᠰᠤᠳ ᠨᠢᠭᠡᠴᠢ᠂ ᠬᠤᠪᠢ ᠬᠦᠮᠦᠨ ᠤ ᠬᠡᠪᠯᠡᠯ ᠤᠨ ᠵᠦᠢᠯ ᠢ ᠵᠢᠵᠢᠭᠯᠡᠨ ᠬᠤᠳᠠᠯᠳᠤᠬᠤ ᠭᠤᠶᠤᠪᠴᠢᠯᠠᠯ ᠤᠨ ᠵᠦᠪᠰᠢᠶᠡᠷᠡᠯ᠂ ᠺᠢᠨᠤ᠋ ᠲᠠᠯᠪᠢᠬᠤ ᠵᠦᠪᠰᠢᠶᠡᠷᠡᠯ ᠤᠨ ᠦᠨᠡᠮᠯᠡᠯ᠂ ᠳᠠᠭᠤᠤ ᠲᠦᠷᠰᠤ ᠰᠢᠩᠭᠡᠭᠡᠯᠲᠡ ᠶᠢᠨ ᠪᠦᠲᠦᠭᠡᠭᠳᠡᠭᠦᠨ ᠢ ᠵᠢᠵᠢᠭᠯᠡᠨ ᠬᠤᠳᠠᠯᠳᠤᠬᠤ ᠪᠤᠶᠤ ᠲᠦᠷᠢᠶᠡᠰᠤᠯᠡᠬᠦ ᠶᠢ ᠬᠢᠨᠠᠨ ᠵᠦᠪᠰᠢᠶᠡᠷᠡᠬᠦ᠂ ᠺᠢᠨᠤ᠋ ᠲᠠᠯᠪᠢᠬᠤ ᠤᠴᠢᠷ ᠶᠠᠪᠤᠳᠠᠯ ᠤᠨ ᠬᠤᠪᠢᠷᠠᠯᠲᠠ  ᠶᠢ ᠬᠢᠨᠠᠨ ᠵᠦᠪᠰᠢᠶᠡᠷᠡᠬᠦ᠂ ᠲᠤᠭᠯᠠᠯᠲᠠ ᠭᠠᠷᠭᠠᠬᠤ ᠲᠠᠯᠠᠪᠤᠷ ᠤᠨ ᠡᠵᠡᠩᠨᠡᠯᠲᠡ ᠶᠢᠨ ᠨᠢᠭᠡᠴᠢ ᠶᠢ ᠳᠠᠩᠰᠠᠯᠠᠬᠤ᠂ ᠬᠤᠪᠢ ᠶᠢᠨ ᠲᠤᠭᠯᠠᠭᠴᠢ ᠪᠠ ᠬᠤᠪᠢ ᠶᠢᠨ ᠲᠤᠭᠯᠠᠯᠲᠠ ᠶᠢᠨ ᠵᠠᠭᠤᠴᠢᠯᠠᠭᠴᠢ ᠶᠢ ᠳᠠᠩᠰᠠᠯᠠᠬᠤ᠂ ᠤᠷᠠᠨ ᠵᠢᠷᠤᠭ ᠤᠨ ᠪᠦᠲᠦᠭᠡᠯ ᠤᠨ ᠡᠵᠡᠩᠨᠡᠯᠲᠡ ᠶᠢᠨ ᠬᠦᠳᠡᠯᠭᠡᠭᠡᠨ ᠢ ᠡᠵᠡᠩᠨᠡᠬᠦ ᠨᠢᠭᠡᠴᠢ ᠶᠢ ᠳᠠᠩᠰᠠᠯᠠᠬᠤ︶᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号