ᠲᠤᠭ ᠪᠠᠯᠭᠠᠰᠤᠨ ᠤ ᠲᠠᠷᠬᠠᠨᠯᠠᠮ᠎ᠠ ᠭᠠᠴᠠᠭᠠᠨ ᠤ ᠠᠩᠬᠠᠳᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ ᠬᠦᠷ ᠬᠦᠭᠵᠢᠶᠠᠨ ᠲᠠᠢ ᠶᠠᠪᠤᠭᠳᠠᠪᠠ 
ᠨᠡᠶᠢᠲᠡᠯᠡᠭᠰᠡᠨ ᠴᠠᠭ᠄
2018-08-09
     ᠣᠶᠢᠷ᠎ᠠ ᠳᠤ ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠪᠣᠯᠣᠨ ᠲᠠᠷᠬᠠᠨᠯᠠᠮ᠎ᠠ ᠭᠠᠴᠠᠭᠠᠨ ᠠᠴᠠ ᠬᠠᠮᠲᠤᠷᠠᠨ ᠡᠷᠬᠢᠯᠡᠭᠰᠡᠨ ᠲᠠᠷᠬᠠᠨᠯᠠᠮ᠎ᠠ ᠭᠠᠴᠠᠭᠠᠨ ᠤ ᠠᠩᠬᠠᠳᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ ᠤᠨ ᠶᠡᠭᠡ ᠬᠤᠷᠠᠯ ᠬᠦᠷ ᠬᠥᠭᠵᠢᠶᠡᠨᠲᠡᠢ ᠶᠠᠪᠤᠭᠳᠠᠭᠰᠠᠨ ᠪᠠᠶᠢᠨ᠎ᠠ᠃      ᠲᠤᠰ ᠤᠳᠠᠭᠠᠨ ᠤ ᠨᠠᠭᠠᠳᠤᠮ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠤᠷᠠᠨ ᠰᠠᠶᠢᠬᠠᠨ ᠤ ᠲᠣᠭᠯᠠᠯᠲᠠ ᠭᠠᠷᠭᠠᠨ᠂ ᠮᠣᠷᠢ ᠤᠷᠤᠯᠳᠤᠬᠤ᠂ ᠪᠥᠬᠡ ᠪᠠᠷᠢᠯᠳᠤᠬᠤ ᠵᠡᠷᠭᠡ ᠮᠣᠩᠭᠤᠯ ᠦᠨᠳᠦᠰᠦᠲᠡᠨ ᠤ ᠤᠯᠠᠮᠵᠢᠯᠠᠯᠲᠤ ᠨᠠᠭᠠᠳᠤᠮ ᠤᠨ ᠲᠥᠷᠥᠯ ᠠᠴᠠ ᠭᠠᠳᠠᠨ᠎ᠠ ᠪᠠᠰᠠ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠨᠠᠭᠠᠳᠤᠮ ᠴᠡᠩᠬᠡᠭᠦᠨ ᠤ ᠠᠵᠢᠯᠯᠠᠭ᠎ᠠ ᠶᠢ ᠲᠣᠬᠢᠷᠠᠭᠤᠯᠤᠭᠰᠠᠨ ᠢᠶᠠᠷ ᠬᠤᠯᠠ ᠣᠶᠢᠷ᠎ᠠ ᠶᠢᠨ ᠵᠤᠭᠠᠴᠠᠭᠰᠠᠳ ᠪᠣᠯᠣᠨ ᠰᠡᠭᠦᠳᠡᠷᠯᠡᠬᠦ ᠳᠤᠷ᠎ᠠ ᠪᠠᠭ᠋ᠠᠲᠠᠳ ᠤᠨ ᠰᠣᠨᠢᠷᠬᠠᠯ ᠢ ᠲᠠᠲᠠᠵᠠᠢ᠃ ᠲᠤᠰ ᠤᠳᠠᠭᠠᠨ ᠤ ᠨᠠᠭᠠᠳᠤᠮ ᠤᠨ ᠬᠤᠷᠠᠯ ᠨᠢ ᠲᠤᠬᠠᠢ ᠶᠢᠨ ᠭᠠᠵᠠᠷ ᠤᠨ ᠮᠠᠯᠴᠢᠨ ᠲᠦᠮᠡᠨ 1000 ᠭᠠᠷᠤᠢ ᠬᠥᠮᠥᠨ ᠣᠷᠣᠯᠴᠠᠭᠰᠠᠨ ᠨᠢᠵᠢᠭᠡᠷ ᠨᠠᠭᠠᠳᠤᠮ ᠪᠣᠯᠵᠤ ᠮᠣᠩᠭᠤᠯ ᠦᠨᠳᠦᠰᠦᠲᠡᠨ ᠤ ᠣᠷᠣᠨ ᠨᠤᠲᠤᠭ ᠤᠨ ᠦᠪᠡᠷᠮᠢᠴᠡ ᠣᠨᠴᠠᠯᠢᠭ᠂ ᠵᠠᠩ ᠵᠠᠩᠰᠢᠯ ᠢ ᠣᠯᠠᠨ ᠲᠦᠮᠡᠨ ᠳᠤ ᠬᠠᠷᠠᠭᠤᠯᠤᠭᠰᠠᠨ ᠪᠠᠶᠢᠨ᠎ᠠ᠃ ᠨᠠᠭᠠᠳᠤᠮ ᠤᠨ ᠬᠤᠭᠤᠴᠠᠭᠠᠨ ᠳᠤ ᠪᠠᠰᠠ ᠭᠠᠴᠠᠭᠠᠨ ᠤ ᠰᠢᠯᠢᠳᠡᠭ ᠮᠠᠯᠴᠢᠨ ᠪᠣᠯᠣᠨ ᠶᠡᠭᠡ ᠰᠤᠷᠭᠠᠭᠤᠯᠢ ᠶᠢᠨ ᠰᠢᠯᠢᠳᠡᠭ ᠰᠤᠷᠤᠭᠴᠢᠳ ᠢ ᠱᠠᠩᠨᠠᠨ ᠬᠦᠬᠢᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号