ᠰᠦᠯᠳᠡ ᠰᠣᠮᠣᠨ ᠤ ᠲᠣᠭᠤᠷᠢᠮ ᠭᠠᠴᠠᠭ᠎ᠠ ᠦᠪᠡᠷ ᠤᠨ ᠣᠯᠠᠮᠵᠢᠯᠠᠯᠳᠣ ᠡᠮ ᠡᠮᠨᠡᠯᠬᠡ ᠶᠢᠨ ᠰᠣᠶᠣᠯ ᠢᠶᠠᠨ | ᠠᠭᠤᠳᠠᠯᠠᠨ ᠬᠥᠭᠵᠢᠭᠦᠯᠵᠦ᠂ ᠪᠡᠶ᠎ᠡ ᠪᠠᠨ ᠠᠷᠠᠴᠢᠯᠠᠵᠣ ᠰᠣᠪᠢᠯᠠᠬᠤ ᠡᠷᠡᠬᠦᠯᠵᠢᠯ ᠤᠨ ᠲᠦᠪ ᠢ ᠪᠠᠶᠢᠭᠤᠯᠣᠨ ᠨᠣᠳᠤᠭ | ᠤᠨ ᠲᠦᠮᠡᠨ ᠳᠡᠭᠡᠨ ᠡᠮ ᠡᠮᠨᠡᠯᠬᠡ ᠶᠢᠨ ᠲᠦᠬᠦᠮ ᠦᠢᠯᠡᠴᠢᠯᠡᠭᠡ ᠬᠠᠩᠭᠠᠵᠣ ᠪᠠᠶᠢᠨ᠎ᠠ᠃ | ᠲᠣᠭᠤᠷᠢᠮ ᠭᠠᠴᠠᠭ᠎ᠠ ᠨᠢ ᠮᠣᠩᠭᠤᠯ ᠲᠦᠪᠡᠳ ᠤᠨ ᠣᠯᠠᠮᠵᠢᠯᠠᠯᠳᠣ ᠡᠮ ᠡᠮᠨᠡᠯᠬᠡ ᠶᠢᠨ ᠰᠣᠶᠣᠯ ᠢ | ᠤᠯᠠᠮᠵᠢᠯᠠᠵᠤ ᠬᠠᠳᠠᠭᠠᠯᠠᠭᠰᠠᠭᠠᠷ ᠢᠷᠡᠵᠦ᠂ ᠨᠡᠩ ᠢᠯᠠᠩᠭᠤᠶ᠎ᠠ ︽ᠲᠠᠪᠣᠨ ᠷᠠᠰᠢᠶᠠᠨ ᠵᠠᠰᠠᠯ︾ ᠨᠢ ᠠᠯᠢ ᠡᠷᠳᠡ | ᠲᠣᠭᠤᠷᠢᠮ ᠭᠠᠴᠠᠭᠠᠨ ᠤ ᠨᠣᠳᠤᠭ ᠤᠨ ᠡᠮᠴᠢ ᠨᠠᠷ ᠤᠨ ᠭᠠᠷ ᠠᠪᠤᠯᠭ᠎ᠠ ᠪᠣᠯᠣᠭᠰᠠᠭᠠᠷ ᠢᠷᠡᠵᠡᠢ᠃ ᠭᠠᠴᠠᠭᠠᠨ ᠠᠴᠠ | ᠡᠨᠡᠬᠦ ︽ᠲᠠᠪᠣᠨ ᠷᠠᠰᠢᠶᠠᠨ ᠵᠠᠰᠠᠯ︾ ᠢᠶᠠᠷ ᠭᠤᠣᠯ ᠪᠣᠯᠭᠠᠭᠰᠠᠨ ᠣᠯᠠᠮᠵᠢᠯᠠᠯᠳᠣ ᠡᠮ ᠡᠮᠨᠡᠯᠬᠡ ᠳᠤ ᠰᠠᠭᠤᠷᠢᠯᠠᠨ᠂ | ᠭᠠᠴᠠᠭᠠᠨ ᠤ ᠪᠠᠨ ᠵᠣᠭᠠᠴᠠᠯ ᠤᠨ ᠡᠬᠢ ᠪᠠᠶᠠᠯᠢᠭ ᠢᠶᠠᠷ ᠡᠯᠪᠡᠭ ᠪᠣᠳᠠᠳᠣ ᠪᠠᠶᠢᠳᠠᠯ ᠢᠶᠠᠨ ᠦᠨᠳᠣᠰᠣᠯᠡᠵᠣ᠂ ᠪᠦᠬᠦ | ᠪᠡᠯᠡ ᠣᠷᠣᠭᠤᠯᠣᠯᠳᠠ ᠨᠢ 330 ᠲᠦᠮᠡᠨ ᠲᠦᠬᠦᠷᠢᠭ ᠪᠤᠯᠬᠤ 2000 ᠬᠠᠪᠳᠠᠭᠠᠢ ᠲᠦᠷᠪᠡᠯᠵᠢᠨ ᠮᠧᠲᠷ ᠲᠠᠯᠠᠪᠠᠢ | ᠲᠠᠢ ︽ᠰᠦᠯᠳᠡ ᠰᠣᠮᠣᠨ ᠤ ᠲᠣᠭᠤᠷᠢᠮ ᠭᠠᠴᠠᠭᠠᠨ ᠤ ᠡᠷᠡᠬᠦᠯᠵᠢᠯ ᠤᠨ ᠲᠦᠪ︾ ᠢ ᠪᠠᠶᠢᠭᠤᠯᠵᠣ᠂ ᠡᠨᠡ ᠵᠢᠯ ᠤᠨ | ᠲᠠᠪᠣᠳᠣᠭᠠᠷ ᠰᠠᠷ᠎ᠠ ᠳᠤ ᠠᠰᠢᠭᠯᠠᠯᠳᠠ ᠳᠤ ᠣᠷᠣᠭᠤᠯᠣᠭᠰᠠᠨ ᠪᠠᠶᠢᠨ᠎ᠠ᠃ | ᠡᠷᠡᠬᠦᠯᠵᠢᠯ ᠤᠨ ᠲᠦᠪ ᠨᠢ ᠠᠰᠢᠭᠯᠠᠯᠳᠠ ᠳᠤ ᠣᠷᠣᠭᠠᠳ ᠣᠳᠠᠭᠠᠳᠣᠢ ᠪᠣᠯᠪᠠᠴᠣ ᠰᠣᠷᠠᠭ ᠢᠶᠠᠷ ᠢᠷᠡᠭᠰᠡᠨ | ᠬᠦᠮᠦᠰ ᠣᠯᠠᠮ ᠠᠷᠪᠢᠳᠴᠣ᠂ ᠦᠢᠷ᠎ᠠ ᠣᠷᠴᠢᠮ ᠤᠨ ᠰᠣᠮᠣ ᠪᠠᠯᠭᠠᠰᠣᠨ ᠠᠴᠠ ᠭᠠᠳᠠᠨ᠎ᠠ ᠬᠤᠰᠢᠭᠤ ᠠᠶᠢᠮᠠᠭ | ᠴᠢᠨᠠᠭᠰᠢᠯᠠᠨ ᠦᠬᠡᠷ᠎ᠡ ᠮᠣᠵᠢ ᠣᠷᠣᠨ ᠤ ᠡᠪᠡᠳᠴᠢᠳᠡᠳ ᠴᠣ᠋ ᠢᠷᠡᠵᠣ ᠡᠮᠴᠢᠯᠡᠭᠡ ᠰᠣᠪᠢᠯᠠᠭᠠ ᠬᠢᠳᠡᠭ ᠪᠣᠯᠵᠠᠢ᠃ | ᠣᠳᠣᠬᠠᠨ ᠳᠤ᠂ ᠡᠷᠡᠬᠦᠯᠵᠢᠯ ᠤᠨ ᠲᠦᠪ ᠨᠢ ᠡᠮ ᠤᠨ ᠬᠡᠷ᠂ ᠡᠮᠳᠣ ᠣᠬᠢᠶᠠᠯᠠᠭᠠ ᠶᠢᠨ ᠲᠠᠰᠤᠭ᠂ ᠴᠡᠭᠡ | ᠶᠢᠨ ᠵᠠᠰᠠᠯ ᠤᠨ ᠦᠷᠦᠬᠡ᠂ ᠠᠵᠢᠯᠯᠠᠭᠠᠨ ᠤ ᠦᠷᠦᠬᠡ᠂ ᠬᠤᠭᠤᠯᠠᠨ ᠬᠡᠷ ᠪᠠ 40 ᠡᠪᠡᠳᠴᠢᠳᠡᠨ ᠤ ᠣᠷᠣ ᠶᠢ | ᠴᠦᠮ ᠲᠦᠬᠦᠷᠵᠢᠬᠦᠯᠵᠣ᠂ 3 ᠡᠮᠴᠢ ᠲᠤᠬᠢᠷᠠᠭᠤᠯᠤᠨ ᠣᠯᠠᠮᠵᠢᠯᠠᠯᠳᠣ ᠡᠮ ᠡᠮᠨᠡᠯᠬᠡ ᠶᠢᠨ ᠰᠣᠶᠣᠯ ᠢᠶᠠᠨ ᠤᠯᠠᠮᠵᠢᠯᠠᠨ | ᠬᠥᠭᠵᠢᠭᠦᠯᠵᠦ ᠴᠢᠳᠠᠭᠰᠠᠨ ᠢᠶᠠᠷ ᠪᠠᠷᠠᠬᠤ ᠦᠬᠡᠢ ᠨᠣᠳᠤᠭ ᠤᠨ ᠲᠦᠮᠡᠨ ᠳᠡᠭᠡᠨ ᠡᠷᠡᠬᠦᠯᠵᠢᠯ ᠤᠨ ᠦᠢᠯᠡᠴᠢᠯᠡᠭᠡ ᠬᠢᠬᠦ | ᠳᠤ ᠲᠦᠬᠦᠮ ᠨᠦᠬᠦᠴᠡᠯ ᠬᠠᠩᠭᠠᠵᠣ ᠪᠠᠶᠢᠨ᠎ᠠ᠃ | |