— ᠦᠪᠦᠷ ᠮᠤᠩᠭᠤᠯ ᠤᠨ ᠬᠦᠪᠴᠢ ᠶᠢᠨ ᠡᠯᠡᠰᠦ ᠶᠢ ᠵᠠᠰᠠᠭᠰᠠᠨ ᠲᠤᠷᠰᠢᠯᠭ᠎ᠠ ᠶᠢᠨ ᠲᠤᠬᠠᠢ | ᠮᠡᠳᠡᠭᠡᠯᠡᠯ ᠬᠤᠶᠠᠷ | | ᠠᠷᠠᠳ ᠤᠨ ᠡᠳᠦᠷ ᠤᠨ ᠰᠤᠨᠢᠨ ᠤ ᠰᠤᠷᠪᠤᠯᠵᠢᠯᠠᠭᠴᠢ ᠡᠤ ᠶᠦᠩ ᠵᠠᠩ ᠴᠠᠩ ᠺᠧᠤ ᠵᠢᠶᠠᠩ ᠽᠧ | | ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠲᠠᠯᠠᠳ ᠬᠤᠰᠢᠭᠤᠨ ᠤ ᠹᠦ᠋ | ᠶᠤᠸᠠᠨ ᠴᠢᠤᠸᠠᠨ ᠠᠮᠢ ᠠᠬᠤᠢ ᠶᠢᠨ ᠵᠢᠱᠢᠶ᠎ᠠ ᠦᠵᠡᠬᠦᠯᠬᠦ ᠰᠠᠭᠤᠷᠢᠨ ᠳᠤ ᠬᠦᠷᠴᠦ ᠬᠠᠷᠠᠭ᠎ᠠ ᠲᠠᠯᠪᠢᠨ ᠰᠢᠷᠳᠡᠪᠡᠯ᠂ | ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠡᠯᠡᠰᠦᠨ ᠳᠤ ᠡᠯᠡᠰᠦᠨ ᠪᠤᠷᠭᠠᠰᠤ᠂ ᠤᠳᠠ ᠤᠯᠢᠶᠠᠰᠤ ᠵᠡᠷᠭᠡ ᠤᠯᠠᠨ | ᠲᠦᠷᠦᠯ ᠤᠨ ᠪᠤᠳᠠ ᠮᠤᠳᠤᠳ ᠤᠷᠭᠤᠭᠰᠠᠨ ᠬᠠᠷᠠᠭᠳᠠᠨ᠎ᠠ᠃ ᠨᠢᠳᠤᠨᠤᠨ ᠵᠢᠯ ᠤᠨ ᠡᠪᠤᠯ ᠨᠠᠮᠠᠭ᠎ᠠ ᠶᠢ ᠨᠢ ᠵᠠᠰᠠᠬᠰᠠᠨ | ᠡᠯᠡᠰᠦᠨ ᠪᠤᠷᠭᠠᠰᠤ ᠬᠦᠮᠦᠨ ᠠᠴᠠ ᠦᠨᠳᠦᠷ ᠤᠷᠭᠤᠵᠤ᠂ ᠰᠠᠯᠬᠢᠨ ᠤ ᠠᠶ᠎ᠠ ᠪᠠᠷ ᠨᠠᠶᠢᠭᠤᠨ᠎ᠠ᠃ ᠪᠤᠳᠠ ᠪᠤᠳᠠ | ᠡᠯᠡᠰᠦᠨ ᠪᠤᠷᠭᠠᠰᠤᠨ ᠤ ᠤᠢ ᠶᠢᠨ ᠬᠤᠭᠤᠷᠤᠨᠳᠤᠬᠢ ᠭᠠᠵᠠᠷ ᠲᠤ ᠡᠷᠳᠡᠨᠢ ᠰᠢᠰᠢ᠂ ᠨᠠᠩᠭᠤᠸᠠ᠂ ᠲᠠᠷᠪᠤᠰ ᠵᠡᠷᠭᠡ | ᠲᠠᠷᠢᠮᠠᠯ ᠡᠯᠪᠡᠭ ᠬᠤᠷᠢᠶᠠᠯᠳᠠ ᠶᠢ ᠪᠡᠯᠭᠡᠳᠡᠨ ᠤᠷᠭᠤᠵᠦ ᠪᠠᠶᠢᠯ᠎ᠠ᠃ ᠵᠠᠯ᠎ᠠ ᠨᠠᠮᠠᠭ᠎ᠠ ᠶᠢ ᠨᠢ ᠢᠷᠠᠨ ᠬᠠᠷᠠᠬᠤᠯ᠎ᠠ | ᠡᠯᠡᠰᠦᠨ ᠳᠤ ᠤᠷᠭᠤᠭᠰᠠᠨ ᠲᠠᠷᠪᠤᠰ ᠨᠢ ᠠᠯᠠᠭᠠᠳᠠᠬᠤ ᠪᠦᠮᠪᠦᠭᠡ ᠶᠢᠨ ᠬᠢᠷᠢ ᠲᠤᠮᠤ ᠪᠤᠯᠴᠢᠬᠠᠭᠰᠠᠨ ᠪᠠᠶᠢᠪᠠ᠃ | ᠵᠠᠮ ᠤᠨ ᠬᠠᠵᠠᠭᠤ ᠳᠤ᠂ ᠠᠵᠢᠯᠴᠢᠳ ᠰᠠᠶᠢᠬᠠᠨ ᠨᠠᠮᠠᠭ᠎ᠠ ᠶᠢ ᠨᠢ ᠵᠠᠰᠠᠬᠰᠠᠨ ᠡᠯᠡᠰᠦᠨ ᠪᠤᠷᠭᠠᠰᠤ ᠶᠢᠨ | ᠮᠦᠴᠢᠷ ᠢ ᠠᠴᠢᠶᠠᠨ ᠤ ᠮᠠᠰᠢᠨ ᠳᠤ ᠠᠴᠢᠵᠦ ᠪᠠᠶᠢᠪᠠ᠃ ᠳ᠋ᠦᠩ ᠳ᠋ᠠ ᠮᠤᠩᠭᠤᠯ ᠸᠠᠩ ᠪᠦᠯᠦᠭᠯᠡᠯ ᠤᠨ ᠨᠠᠮ ᠤᠨ | ᠬᠤᠷᠢᠶ᠎ᠠ ᠶᠢᠨ ᠳᠡᠳ᠋ ᠱᠦᠵᠢ ᠴᠢᠨ ᠹᠸᠢ᠂ ᠡᠳᠡᠭᠡᠷ ᠡᠯᠡᠰᠦᠨ ᠪᠤᠷᠭᠠᠰᠤ ᠶᠢᠨ ᠨᠢᠯᠬ᠎ᠠ ᠮᠦᠴᠢᠷ ᠢᠶᠠᠷ ᠰᠢᠭᠤᠳ | ᠪᠤᠷᠳᠤᠭᠤᠷ ᠪᠤᠯᠭᠠᠵᠦ᠂ ᠪᠦᠳᠦᠬᠦᠨ ᠮᠦᠴᠢᠷ ᠢ ᠨᠢ ᠤᠷᠳᠤᠰ ᠬᠤᠳᠠ ᠶᠢᠨ ᠳ᠋ᠦᠩ ᠳ᠋ᠠ ᠡᠯᠡᠰᠦᠨ ᠤ ᠠᠵᠤ | ᠦᠢᠯᠡᠰ ᠤᠨ ᠺᠤᠮᠫᠠᠨᠢ ᠳᠤ ᠬᠦᠷᠭᠡᠨ᠎ᠡ᠂ ᠡᠨᠡ ᠬᠦ ᠪᠦᠬᠦ ᠤᠯᠤᠰ ᠤᠨ ᠠᠩᠬᠠᠳᠠᠬᠴᠢ ᠡᠯᠡᠰᠦᠨ ᠪᠤᠷᠭᠠᠰᠤ ᠶᠢᠨ | ᠨᠢᠰᠢᠩᠬᠦ ᠵᠢᠨᠰᠢᠭᠠᠷᠤ ᠶᠢᠨ ᠬᠠᠪᠳᠠᠰᠤ ᠶᠢᠨ ᠦᠢᠯᠡᠳᠪᠤᠷᠢ ᠶᠢᠨ ᠬᠢᠨ ᠶᠠᠭᠠᠷᠠᠯᠳᠠᠢ ᠠᠵᠢᠯᠯᠠᠵᠠᠭᠠᠨ᠎ᠠ᠃ ︽ᠪᠢᠳᠠᠨ ᠤ | ᠦᠢᠯᠡᠳᠪᠤᠷᠢᠯᠡᠭᠰᠡᠨ ᠬᠠᠪᠳᠠᠰᠤᠨ ᠮᠠᠲ᠋ᠧᠷᠢᠶᠠᠯ ᠳᠤ ᠶᠠᠮᠠᠷᠴᠤ ᠨᠠᠭᠠᠯᠳᠤᠭᠤᠯᠤᠬᠴᠢ ᠡᠳ᠋ ᠭᠡᠷᠡᠭᠯᠡᠭᠰᠡᠨ ᠦᠭᠡᠢ᠂ | ᠬᠠᠪᠳᠠᠰᠤ ᠶᠢ ᠬᠠᠯᠠᠭᠠᠵᠤ ᠳᠠᠷᠤᠬᠤ ᠮᠡᠷᠭᠡᠵᠢᠯ ᠢᠶᠠᠷ ᠦᠢᠯᠡᠳᠦᠭᠰᠡᠨ ᠶᠤᠮ᠂ ᠴᠤᠯ ᠪᠠᠶᠢᠭᠠᠯᠢᠯᠢᠭ᠂ ᠪᠤᠬᠢᠷᠳᠤᠯ ᠦᠭᠡᠢ | ᠴᠢᠨᠠᠷ ᠰᠠᠶᠢᠳᠠᠢ ᠪᠠᠷᠢᠯᠭ᠎ᠠ ᠶᠢᠨ ᠮᠠᠲ᠋ᠧᠷᠢᠶᠠᠯ ᠪᠤᠯᠤᠬᠰᠠᠨ ᠢᠶᠠᠷ ᠢᠶᠠᠨ ᠬᠠᠩᠭᠠᠯᠭ᠎ᠠ ᠨᠢ ᠭᠡᠷᠡᠭᠴᠡᠭᠡ ᠳᠡᠭᠡᠨ ᠬᠦᠷᠬᠦ | ᠦᠭᠡᠢ ᠪᠠᠶᠢᠨ᠎ᠠ︾ ᠭᠡᠵᠦ ᠲᠡᠷᠡ ᠭᠡᠯᠡᠨ᠎ᠡ᠃ | ᠵᠦᠰᠡᠷ ᠪᠤᠷᠤᠭᠠᠨ ᠤ ᠳᠠᠷᠠᠭ᠎ᠠ᠂ ᠵᠦᠭᠡᠯᠡᠨ ᠰᠠᠯᠬᠢ ᠬᠠᠴᠠᠷ ᠢ ᠢᠯᠪᠢᠨ᠎ᠠ᠃ ᠬᠠᠯᠠᠭᠤᠨ ᠵᠤᠨ ᠢᠶᠠᠷ | ᠬᠦᠪᠴᠢ ᠶᠢᠨ ᠡᠯᠡᠰᠦᠨ ᠳᠤ ᠢᠷᠡᠬᠦ ᠳᠤ᠂ ᠡᠶᠡᠪᠡᠷᠬᠦᠦ ᠰᠠᠯᠬᠢ᠂ ᠰᠠᠬᠤᠯᠢᠬ ᠮᠤᠳᠤ᠂ ᠬᠦᠭᠡᠷᠡᠨ ᠨᠤᠭᠤᠭᠠᠷᠠᠬᠤ | ᠡᠪᠡᠰᠦ᠂ ᠭᠤᠸ᠎ᠠ ᠵᠢᠮᠢᠰ ᠢᠶᠠᠷ ᠪᠦᠷᠢᠯᠳᠦᠭᠰᠡᠨ ᠤᠯᠠᠭᠠᠨ ᠨᠤᠭᠤᠭᠠᠨ ᠦᠩᠭᠡ ᠢᠯᠭᠠᠷᠠᠭᠰᠠᠨ ᠦᠵᠡᠮᠵᠢ ᠬᠠᠷᠠᠭ᠎ᠠ ᠶᠢ | ᠪᠠᠶᠠᠰᠬᠠᠨ᠎ᠠ᠃ ᠰᠠᠭᠤᠭᠳᠠᠯ ᠳᠠᠬᠢ ᠠᠶᠢᠳᠠᠰ ᠬᠦᠷᠭᠡᠮᠡᠷ ᠡᠯᠡᠰᠦᠨ ᠴᠦᠯ ᠴᠦ ᠡᠶᠡᠯᠳᠡᠭ ᠳᠤᠳᠤᠨᠤ ᠬᠡᠪ ᠨᠠᠮᠪᠠ ᠲᠠᠢ | ᠪᠠᠶᠢᠬᠤ ᠨᠢ ᠬᠦᠮᠦᠰ ᠢ ᠭᠠᠶᠢᠬᠠᠰᠢ ᠠᠯᠳᠠᠭᠤᠯᠤᠨ᠎ᠠ᠃ | ᠬᠦᠪᠴᠢ ᠶᠢᠨ ᠬᠤᠪᠢᠷᠠᠯᠳᠠ ᠨᠢ ᠮᠠᠰᠢ ᠤᠯᠠᠨ ᠬᠦᠮᠦᠰ ᠢ ᠭᠠᠶᠢᠬᠠᠰᠢ ᠠᠯᠳᠠᠭᠤᠯᠪᠠ᠃ ᠡᠬᠦᠨ ᠤ ᠨᠢᠭᠤᠴᠠ ᠨᠢ | ᠴᠤᠬᠤᠮ ᠶᠠᠭᠤ ᠪᠠᠶᠢᠳᠠᠬ ᠪᠤᠯ︖ | ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠢᠯᠠᠩᠭᠤᠶ᠎ᠠ ᠦᠭᠡᠷᠡᠴᠢᠯᠡᠯᠳᠠ ᠨᠡᠭᠡᠭᠡᠯᠳᠠ | ᠬᠢᠭᠰᠡᠨ ᠠᠴᠠ ᠨᠠᠰᠢ᠂ ᠤᠷᠳᠤᠰᠴᠤᠳ ᠬᠦᠪᠴᠢ ᠶᠢᠨ ᠡᠯᠡᠰᠦᠷᠭᠡᠭᠵᠢᠯ ᠢ ᠵᠠᠰᠠᠬᠤ ᠶᠠᠪᠤᠴᠠ ᠳᠠᠭᠠᠨ ᠲᠡᠷᠢᠬᠦᠯᠡᠬᠦ ᠪᠠᠷ | ᠬᠦᠴᠦᠯᠡᠨ ᠴᠢᠷᠮᠠᠶᠢᠵᠦ᠂ ᠵᠤᠷᠢᠬᠳᠠᠢ ᠦᠭᠡᠷᠡᠴᠢᠯᠡᠯᠳᠠ ᠬᠢᠵᠦ᠂ ᠵᠠᠰᠠᠭ ᠤᠨ ᠤᠷᠳᠤᠨ᠂ ᠠᠵᠤ ᠠᠬᠤᠢᠢᠯᠠᠯ᠂ ᠤᠯᠠᠨ | ᠲᠦᠮᠡᠨ ᠡᠯᠡᠰᠦ ᠶᠢ ᠬᠠᠮᠳᠤ ᠪᠠᠷ ᠵᠠᠰᠠᠬᠤ ᠵᠠᠰᠠᠯᠳᠠ ᠶᠢᠨ ᠲᠤᠭᠳᠠᠴᠠ ᠶᠢ ᠰᠦᠪᠡᠭᠴᠢᠯᠡᠨ ᠪᠦᠷᠢᠯᠳᠦᠬᠦᠯᠵᠡᠢ᠃ | | | ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠦᠷᠦ ᠶᠢᠨ ᠪᠤᠳᠤᠯᠭ᠎ᠠ ᠶᠢᠨ ᠴᠢᠨᠠᠷᠳᠠᠢ | ᠭᠤᠤᠯᠯᠠᠨ ᠤᠳᠤᠷᠢᠳᠴᠤ᠂ ᠡᠯᠡᠰᠦᠷᠭᠡᠭᠵᠢᠯ ᠢ ᠵᠠᠰᠠᠬᠤ ᠠᠤᠭ᠎ᠠ ᠶᠡᠭᠡ ᠬᠦᠴᠦ ᠶᠢ ᠨᠢᠬᠳᠠᠷᠠᠭᠤᠯᠵᠠᠢ | | ︽ᠪᠠᠭ᠎ᠠ ᠶᠢᠨ ᠦᠶ᠎ᠠ ᠶᠢᠨ ᠰᠠᠭᠤᠭᠳᠠᠯ ᠳᠤ ᠬᠤᠶᠠᠷᠬᠠᠨ ᠵᠦᠢᠯ ᠪᠠᠶᠢᠨ᠎ᠠ᠂ ᠦᠯᠦᠰᠬᠦᠯᠡᠩ ᠭᠠᠴᠢᠬ ᠪᠠ | ᠡᠯᠡᠰᠦᠨ ᠰᠢᠭᠤᠷᠭ᠎ᠠ︾᠃ ᠠᠳᠡ ᠲᠦᠷᠦᠵᠦ ᠦᠰᠦᠭᠰᠡᠨ ᠲᠠᠯᠠᠳ ᠬᠤᠰᠢᠭᠤᠨ ᠤ ᠽᠠᠨᠳᠠᠨ ᠵᠤᠤ ᠰᠤᠮᠤ ᠶᠢᠨ ᠯᠢ | ᠪᠦᠭᠡ᠂ ︽ᠠᠳᠡᠬᠢ ᠨᠢ ᠬᠦᠪᠴᠢ ᠶᠢᠨ ᠡᠯᠡᠰᠦᠨ ᠤ ᠬᠤᠶᠢᠳᠦ ᠵᠠᠬ᠎ᠠ ᠳᠤ ᠪᠠᠶᠢᠷᠢᠯᠠᠵᠦ᠂ ᠲᠦᠢᠯ ᠤᠨ ᠮᠠᠭᠤ | ᠤᠷᠤᠰᠢᠨ ᠠᠮᠢᠳᠤᠷᠠᠬᠤ ᠤᠷᠴᠢᠨ ᠲᠤᠭᠤᠷᠢᠨ ᠨᠤᠳᠤᠭ ᠤᠨ ᠬᠦᠮᠦᠰ ᠢ ᠠᠷᠭ᠎ᠠ ᠪᠠᠷᠠᠬᠳᠠᠭᠤᠯᠵᠦ ᠪᠠᠶᠢᠬᠰᠠᠨ ᠶᠤᠮ᠂ | ᠲᠡᠷᠡ ᠦᠶ᠎ᠠ ᠳᠤ ᠲᠠᠷᠢᠶᠠᠨ ᠭᠠᠵᠠᠷ ᠪᠠᠶᠢᠨ ᠲᠠᠬᠢᠨ ᠡᠯᠡᠰᠦᠨ ᠳᠤ ᠳᠠᠷᠤᠭᠳᠠᠵᠦ᠂ ᠪᠠᠶᠢᠰᠢᠩ ᠤᠨ ᠡᠮᠦᠨ᠎ᠠ ᠬᠤᠶᠢᠨ᠎ᠠ | ᠪᠠᠶᠢᠭ᠎ᠠ ᠡᠯᠡᠰᠦᠨ ᠲᠤᠪᠤ ᠨᠤᠭᠤᠳ ᠪᠠᠶᠢᠩᠭᠤ ᠪᠠᠶᠢᠰᠢᠩ ᠤᠨ ᠳᠡᠭᠡᠪᠦᠷ ᠲᠤ ᠭᠠᠷᠴᠦ᠂ ᠬᠦᠮᠦᠰ ᠡᠯᠡᠰᠦᠨ ᠳᠤ | ᠳᠠᠷᠤᠯᠠᠬᠳᠠᠭᠠᠳ ᠶᠠᠭᠠᠬᠢᠬᠤ ᠶᠢᠨ ᠴᠦ ᠠᠷᠭ᠎ᠠ ᠦᠭᠡᠢ ᠪᠤᠯᠵᠦ᠂ ᠤᠷᠤᠰᠢᠨ ᠠᠮᠢᠳᠤᠷᠠᠬᠤ ᠶᠢᠨ ᠲᠦᠯᠦᠭᠡ᠂ | ᠡᠯᠡᠰᠦ ᠲᠠᠢ ᠲᠡᠮᠡᠴᠡᠬᠦ ᠪᠤᠯᠤᠬᠰᠠᠨ ᠶᠤᠮ᠂ ᠭᠡᠳᠡᠯ᠎ᠠ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠡᠯᠡᠰᠦ ᠲᠠᠢ | ᠬᠠᠷᠢᠴᠠᠭᠤᠯᠪᠠᠯ᠂ ᠬᠦᠮᠦᠨ ᠤ ᠬᠦᠴᠦ ᠲᠡᠩᠳᠡᠭᠦᠦ ᠪᠠᠭ᠎ᠠ︾ ᠭᠡᠯ᠎ᠠ᠃ | ᠳᠡᠬᠡᠷ᠎ᠠ ᠵᠠᠭᠤᠨ ᠤ ᠳᠠᠪᠢ ᠵᠢᠷᠠᠭᠠᠳ ᠤᠨ ᠤ ᠦᠶ᠎ᠠ ᠪᠠᠷ᠂ ᠡᠯᠡᠰᠦᠷᠬᠡᠭ ᠤᠷᠤᠨ ᠤ ᠬᠦᠮᠦᠰ ᠭᠡᠳᠡᠷᠭᠦ | ᠬᠠᠨᠭ᠍ᠭᠠᠬᠤ ᠠᠮᠤ ᠪᠤᠳᠠᠭ᠎ᠠ ᠢᠳᠡᠵᠦ᠂ ᠳᠡᠳᠬᠦᠮᠵᠢ ᠶᠢᠨ ᠵᠤᠭᠤᠰ ᠢᠶᠠᠷ ᠠᠮᠢᠳᠤᠷᠠᠬᠤ ᠬᠦᠴᠢᠷᠳᠡᠯᠳᠤ ᠠᠮᠢᠳᠤᠷᠠᠯ ᠢ | ᠦᠩᠬᠡᠷᠡᠬᠡᠵᠦ ᠪᠠᠶᠢᠯ᠎ᠠ᠂ ︽ᠬᠠᠪᠤᠷ ᠲᠠᠭᠠᠨ ᠳᠠᠷᠢᠭᠠᠳ᠂ ᠨᠠᠮᠤᠷ ᠲᠠᠭᠠᠨ ᠬᠤᠷᠢᠶᠠᠯᠳᠠ ᠦᠭᠡᠢ᠂ ᠨᠢᠬᠡ ᠡᠷᠡᠨ | ᠢᠳᠡᠪᠡᠯ ᠲᠠᠷᠠᠭᠠᠴᠢ ᠶᠢᠨ ᠡᠷᠡᠨ ᠬᠤᠭᠤᠯᠠ ᠪᠠᠶᠢᠬᠤ ᠦᠬᠡᠢ︾᠃ ᠳᠠᠯᠠᠳ ᠨᠤᠳᠤᠬ ᠤᠨ ᠨᠠᠰᠤ ᠠᠬᠢᠮᠠᠬ ᠬᠦᠮᠦᠰ | ᠤᠳᠤ ᠪᠤᠯᠳᠠᠯ᠎ᠠ ᠡᠨᠡᠬᠦ ᠬᠤᠯᠪᠤᠭ᠎ᠠ ᠶᠢ ᠴᠡᠬᠡᠵᠢᠯᠡᠭᠰᠡᠬᠡᠷ᠃ ᠳᠡᠷᠡ ᠦᠶ᠎ᠠ ᠳᠤ ᠡᠯᠡᠰᠦ ᠤᠷᠤᠬᠰᠢᠯᠠᠨ ᠬᠦᠮᠦᠨ | ᠤᠬᠤᠷᠢᠵᠦ᠂ ᠨᠤᠳᠤᠬ ᠤᠰᠤᠨ ᠠᠴᠠ ᠪᠠᠨ ᠰᠠᠯᠵᠦ ︽ᠠᠮᠢ ᠠᠬᠤᠢ ᠶᠢᠨ ᠨᠡᠬᠦᠳᠡᠯ ᠠᠷᠠᠳ︾ ᠪᠤᠯᠬᠤ ᠶᠠᠪᠤᠳᠠᠯ | ᠵᠦᠩᠳᠡᠬᠡᠨ ᠭᠠᠷᠳᠠᠬ ᠪᠠᠶᠢᠯ᠎ᠠ᠃ ᠯᠢ ᠪᠦᠬᠡ ᠴᠤ ᠨᠢᠬᠡ ᠦᠶ᠎ᠠ ᠠᠮᠢᠳᠤᠷᠠᠯ ᠤᠨ ᠰᠢᠬᠠᠮᠳᠠᠭᠤᠯᠭ᠎ᠠ ᠪᠠᠷ ᠠᠷᠭ᠎ᠠ ᠪᠤᠰᠤ | ᠭᠠᠳᠠᠬᠰᠢ ᠭᠠᠷᠴᠤ ᠵᠤᠭᠤᠰ ᠤᠯᠤᠭᠠᠳ ᠬᠡᠷ ᠡᠷᠦᠬᠡ ᠪᠠᠨ ᠳᠡᠵᠢᠬᠡᠬᠦ ᠦᠢᠯᠡ ᠶᠢ ᠦᠵᠡᠵᠡᠢ᠃ | ᠬᠡᠪᠡᠷᠡᠭ ᠪᠠᠭᠤᠷᠠᠢ᠂ ᠨᠦᠬᠦᠴᠡᠯ ᠮᠠᠭᠤᠳᠠᠢ ᠠᠮᠢ ᠠᠬᠤᠢ ᠶᠢᠨ ᠤᠷᠴᠢᠨ ᠳᠤᠭᠤᠷᠢᠨ ᠤ ᠡᠮᠤᠨ᠎ᠠ᠂ | ᠤᠷᠳᠤᠰ ᠤᠨ ᠬᠤᠭᠤᠴᠠᠭ᠎ᠠ ᠪᠦᠷᠢ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠢᠮᠠᠬᠳᠠ ᠡᠯᠡᠰᠦᠷᠬᠡᠭᠵᠢᠯ ᠢ | ᠵᠠᠰᠠᠬᠤ ᠳᠤ ᠠᠩᠬᠠᠷᠤᠯ ᠢᠶᠠᠨ ᠳᠦᠪᠯᠡᠷᠡᠬᠦᠯᠵᠦ᠂ ᠡᠯᠡᠰᠦᠷᠬᠡᠭᠵᠢᠯ ᠢ ᠵᠠᠰᠠᠬᠤ ᠳᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠨᠦᠭᠦᠳ ᠢ ᠵᠠᠯᠭᠠᠭ᠎ᠠ ᠪᠠᠷ ᠳᠤᠬᠳᠠᠭᠠᠵᠠᠢ᠃ | — 20 ᠳ᠋ᠤᠭᠠᠷ ᠵᠠᠭᠤᠨ ᠤ ᠳᠠᠪᠢᠭᠠᠳ ᠤᠨ ᠳᠤ ︽ᠠᠳᠠᠷ ᠬᠠᠭᠠᠯᠪᠤᠷᠢᠯᠠᠬᠤ ᠶᠢ ᠬᠤᠷᠢᠬᠯᠠᠬᠤ︾ ︽ | ᠮᠠᠯᠵᠢᠯ ᠤᠨ ᠳᠠᠯᠠᠪᠠᠢ ᠶᠢ ᠬᠠᠮᠠᠭᠠᠯᠠᠬᠤ︾ ᠶᠢ ᠳᠤᠷᠠᠳᠴᠤ᠂ ᠵᠢᠷᠠᠭᠠᠳ ᠤᠨ ᠳᠤ ︽ᠡᠪᠡᠰᠦ ᠮᠤᠳᠤ ᠳᠠᠷᠢᠵᠦ | ᠦᠨᠳᠦᠰᠦᠨ ᠳᠠᠷᠢᠶᠠᠨ ᠭᠠᠵᠠᠷ ᠢ ᠪᠠᠳᠤᠯᠠᠬᠤ︾ ᠶᠢ ᠳᠤᠷᠠᠳᠴᠤ᠂ ᠳᠠᠯᠠᠭᠠᠳ ᠤᠨ ᠳᠤ ︽ᠠᠯᠬᠤᠮ ᠠᠯᠬᠤᠮ ᠢᠶᠠᠷ | ᠳᠠᠷᠢᠶᠠᠯᠠᠬᠤ ᠶᠢ ᠵᠤᠬᠰᠤᠭᠠᠵᠦ ᠡᠪᠡᠰᠤ ᠮᠤᠳᠤ ᠲᠠᠷᠢᠬᠤ ᠶᠢ ᠰᠡᠷᠬᠦᠬᠡᠵᠦ᠂ ᠤᠢ ᠰᠢᠭᠤᠢ ᠮᠠᠯ ᠠᠵᠦ ᠠᠬᠤᠢ ᠪᠠᠷ | ᠭᠤᠤᠯᠯᠠᠭᠤᠯᠵᠦ᠂ ᠤᠯᠠᠨ ᠵᠦᠢᠯ ᠤᠨ ᠡᠵᠡᠩᠨᠡᠯᠳᠡ ᠬᠢᠬᠦ︾ ᠶᠢ ᠳᠤᠷᠠᠳᠴᠠᠢ︔ 1978 ᠤᠨ ᠳᠤ᠂ ᠦᠪᠡᠷᠳᠡᠬᠡᠨ | ᠵᠠᠰᠠᠬᠤ ᠤᠷᠤᠨ ᠠᠴᠠ ᠡᠩ ᠳᠡᠷᠢᠬᠦᠨ ᠳᠤ ︽ᠮᠠᠯ ᠪᠡᠯᠴᠢᠬᠡᠷ ᠤᠨ ᠬᠤᠤᠰ ᠳᠠᠭᠠᠭᠠᠴᠢᠯᠠᠯᠳᠠ︾ ᠶᠢᠨ ᠦᠢᠯᠡᠳᠪᠤᠷᠢᠯᠡᠯ | ᠬᠠᠷᠢᠭᠤᠴᠠᠯᠭ᠎ᠠ ᠶᠢᠨ ᠳᠦᠷᠢᠮ ᠤᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠦ᠂ ᠨᠤᠳᠤᠬ ᠪᠡᠯᠴᠢᠬᠡᠷ ᠤᠨ ᠠᠮᠢ | ᠠᠬᠤᠢ ᠶᠢᠨ ᠬᠠᠮᠠᠭᠠᠯᠠᠯᠳᠠ ᠶᠢ ᠠᠬᠢᠭᠤᠯᠵᠠᠢ᠃ | — ᠲᠡᠭᠡᠷ᠎ᠡ ᠵᠠᠭᠤᠨ ᠤ ᠨᠠᠶᠠᠭᠠᠳ ᠤᠨ ᠤ ᠡᠬᠢ ᠪᠠᠷ᠂ ︽ᠳᠠᠪᠤᠨ ᠠᠳᠠᠷ︾ ᠢ ᠡᠷᠦᠬᠡ ᠳᠤ ᠬᠤᠪᠢᠶᠠᠷᠢᠯᠠᠨ | ᠦᠭᠴᠤ᠂ ᠡᠪᠡᠰᠦ ᠮᠤᠳᠤ ᠳᠠᠷᠢᠬᠤ ᠶᠢ ᠵᠤᠷᠢᠬᠵᠢᠭᠤᠯᠵᠦ᠂ ᠬᠡᠨ ᠳᠠᠷᠢᠪᠠᠯ ᠬᠡᠨ ᠦᠮᠴᠢᠯᠡᠬᠦ ᠪᠠᠷ ᠪᠠᠷᠠᠬᠤ ᠦᠬᠡᠢ᠂ | ᠦᠶ᠎ᠡ ᠵᠠᠯᠭᠠᠮᠵᠢᠯᠠᠵᠦ ᠪᠤᠯᠬᠤ ᠶᠢ ᠵᠦᠪᠰᠢᠶᠡᠷᠡᠵᠡᠢ᠃ ︽ᠬᠤᠪᠢ ᠬᠦᠮᠦᠨ᠂ ᠬᠠᠮᠳᠤ ᠨᠢᠬᠡᠴᠢ᠂ ᠤᠯᠤᠰ ᠵᠡᠷᠬᠡ ᠪᠠᠷ | ᠬᠦᠳᠡᠯᠦᠯᠴᠡᠵᠦ᠂ ᠬᠤᠪᠢ ᠬᠦᠮᠦᠨ ᠢᠶᠠᠷ ᠭᠤᠤᠯ ᠪᠤᠯᠭᠠᠬᠤ︾ ᠦᠢᠵᠢᠭᠤᠯᠤᠯᠳᠠ ᠶᠢᠨ ᠴᠢᠭᠯᠡᠯᠳᠡ ᠶᠢ | ᠬᠡᠷᠡᠭᠵᠢᠬᠦᠯᠦᠭᠰᠡᠨ ᠢᠶᠠᠷ᠂ ᠦᠢ ᠳᠦᠮᠡᠨ ᠡᠷᠦᠬᠡ ᠵᠡᠷᠬᠡ ᠪᠠᠷ ᠡᠯᠡᠰᠦ ᠮᠠᠩᠬ᠎ᠠ ᠶᠢ ᠪᠤᠯᠢᠶᠠᠯᠳᠤᠨ ᠵᠠᠰᠠᠵᠦ ᠮᠤᠳᠤ | ᠳᠠᠷᠢᠵᠦ ᠤᠢᠢᠵᠢᠭᠤᠯᠤᠯᠳᠠ ᠬᠢᠬᠦ ᠪᠠᠶᠠᠷᠯᠠᠭᠤᠰᠢᠳᠠᠢ ᠪᠠᠶᠢᠳᠠᠯ ᠢᠯᠡᠷᠡᠵᠡᠢ᠃ | — 1998 ᠤᠨ ᠠᠴᠠ 2000 ᠤᠨ ᠪᠤᠯᠳᠠᠯ᠎ᠠ᠂ ᠤᠷᠢᠳ ᠬᠤᠵᠢᠳ ︽ᠤᠮᠠᠷᠠᠳᠤ ᠶᠢᠨ ᠭᠤᠷᠪᠠᠨ | ᠤᠷᠤᠨ︾ ᠤ ᠬᠠᠯᠬᠠᠪᠴᠢ ᠤᠢ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ ᠭᠤᠷᠪᠠᠳᠤᠭᠠᠷ ᠬᠤᠭᠤᠴᠠᠭᠠᠨ ᠤ | ᠢᠨᠵᠧᠨᠧᠷᠢᠩ᠂ ᠡᠯᠡᠰᠦᠷᠬᠡᠭᠵᠢᠯ ᠢ ᠵᠠᠰᠠᠬᠤ ᠢᠨᠵᠧᠨᠧᠷᠢᠩ᠂ ᠬᠠᠳᠤᠨ ᠭᠤᠤᠯ ᠤᠨ ᠳᠤᠮᠳᠠ ᠤᠷᠤᠰᠬᠠᠯ ᠤᠨ ᠤᠰᠤ | ᠬᠦᠷᠦᠰᠦ ᠶᠢ ᠬᠠᠮᠠᠭᠠᠯᠠᠬᠤ ᠤᠢ ᠶᠢᠨ ᠢᠨᠵᠧᠨᠧᠷᠢᠩ᠂ ᠳᠠᠷᠢᠶᠠᠯᠠᠬᠤ ᠶᠢ ᠵᠤᠬᠰᠤᠭᠠᠵᠦ ᠡᠪᠡᠰᠦ ᠮᠤᠳᠤ ᠳᠠᠷᠢᠬᠤ | ᠳᠤᠷᠰᠢᠯᠳᠠ ᠶᠢᠨ ᠵᠢᠱᠢᠶ᠎ᠠ ᠦᠵᠡᠬᠦᠯᠬᠦ ᠢᠨᠵᠧᠨᠧᠷᠢᠩ᠂ ᠪᠠᠶᠢᠭᠠᠯᠢᠯᠢᠬ ᠤᠢ ᠶᠢᠨ ᠡᠬᠢ ᠪᠠᠶᠠᠯᠢᠬ ᠢ ᠬᠠᠮᠠᠭᠠᠯᠠᠬᠤ | ᠢᠨᠵᠧᠨᠧᠷᠢᠩ᠂ ᠶᠠᠫᠤᠨ ᠵᠤᠭᠤᠰ ᠤᠨ ᠵᠢᠬᠡᠯᠡᠯᠬᠡ ᠶᠢᠨ ᠳᠦᠷᠦᠯ ᠵᠦᠢᠯ᠂ ᠪᠠᠷᠠᠭᠤᠨ ᠤᠷᠳᠤᠰ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠤ ᠢᠨᠵᠧᠨᠧᠷᠢᠩ ᠵᠡᠷᠬᠡ ᠶᠢ ᠬᠡᠷᠡᠭᠵᠢᠬᠦᠯᠵᠦ ᠡᠬᠢᠯᠡᠵᠡᠢ᠃ | — 2001 ᠤᠨ ᠠᠴᠠ 2010 ᠤᠨ ᠪᠤᠯᠳᠠᠯ᠎ᠠ᠂ ᠤᠷᠳᠤᠰ ᠤᠨ ᠬᠢᠨ ᠠᠮᠢ ᠠᠬᠤᠢ ᠶᠢ | ᠰᠠᠶᠢᠵᠢᠷᠠᠭᠤᠯᠬᠤ ᠶᠢ ︽ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ | ᠠᠰᠠᠭᠤᠳᠠᠯ ᠢ ᠰᠢᠢᠳᠪᠤᠷᠢᠯᠡᠬᠦ ᠯᠦᠭᠡ ᠨᠢᠬᠡᠳᠦᠯᠳᠡᠢ ᠳᠦᠯᠦᠪᠵᠢᠬᠦᠯᠦᠨ ᠪᠤᠳᠤᠯᠬᠢᠯᠠᠵᠦ᠂ ᠮᠠᠯ ᠠᠵᠤ ᠠᠬᠤᠢ | ᠳᠠᠷᠢᠶᠠᠯᠠᠩ ᠦᠢᠯᠡᠳᠪᠤᠷᠢᠯᠡᠯ ᠤᠨ ᠬᠦᠴᠦᠨ ᠤ ᠪᠠᠶᠢᠷᠢᠰᠢᠭᠤᠯᠤᠯᠳᠠ᠂ ᠬᠦᠮᠦᠨ ᠠᠮᠠ ᠶᠢᠨ ᠪᠠᠶᠢᠷᠢᠰᠢᠭᠤᠯᠤᠯᠳᠠ᠂ | ᠦᠢᠯᠡᠳᠪᠤᠷᠢᠯᠡᠯ ᠤᠨ ᠬᠡᠯᠪᠡᠷᠢ᠂ ᠳᠠᠷᠢᠵᠦ ᠳᠡᠵᠢᠬᠡᠬᠦ ᠪᠦᠳᠦᠴᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ | ᠪᠡᠯᠡ ᠮᠦᠩᠬᠦᠨ ᠤ ᠬᠡᠷᠡᠭᠯᠡᠯᠳᠡ ᠵᠡᠷᠬᠡ ︽ᠵᠢᠷᠭᠤᠭᠠᠨ ᠶᠡᠭᠡ ᠳᠤᠬᠢᠷᠠᠭᠤᠯᠤᠯᠳᠠ︾ ᠶᠢ ᠬᠡᠷᠡᠭᠵᠢᠬᠦᠯᠵᠡᠢ᠃ | ᠪᠡᠯᠴᠢᠭᠡᠷᠯᠡᠭᠦᠯᠬᠦ ᠶᠢ ᠵᠤᠬᠰᠤᠭᠠᠬᠤ᠂ ᠰᠡᠯᠬᠦᠨ ᠮᠠᠯᠵᠢᠬᠤ᠂ ᠤᠷᠤᠨ ᠳᠤᠭᠤᠷᠢᠬ ᠬᠤᠪᠢᠶᠠᠨ ᠡᠬᠡᠯᠵᠢᠯᠡᠨ ᠮᠠᠯᠵᠢᠬᠤ ᠶᠢ | ᠬᠡᠷᠡᠭᠵᠢᠬᠦᠯᠵᠡᠢ︔ ︽ᠪᠦᠬᠦ ᠬᠤᠳᠠ ᠶᠢᠨ ᠮᠠᠯ ᠠᠵᠤ ᠠᠬᠤᠢ ᠳᠠᠷᠢᠶᠠᠯᠠᠩ ᠤᠨ ︿ᠭᠤᠷᠪᠠᠨ ᠤᠷᠤᠨ﹀ ᠤ | ᠬᠦᠭᠵᠢᠬᠦᠯᠦᠯᠳᠡ ᠶᠢᠨ ᠳᠦᠯᠦᠪᠵᠢᠬᠦᠯᠬᠡ︾ ᠶᠢ ᠨᠠᠶᠢᠷᠠᠭᠤᠯᠤᠨ ᠵᠤᠬᠢᠶᠠᠵᠦ᠂ ᠬᠦᠪᠴᠢ ᠶᠢᠨ ᠡᠯᠡᠰᠦᠨ ᠤ ᠦᠷᠦᠴᠡ | ᠵᠡᠷᠬᠡ ᠬᠦᠮᠦᠨ ᠳᠦᠷᠦᠯᠬᠢᠳᠡᠨ ᠤ ᠤᠷᠤᠰᠢᠨ ᠠᠮᠢᠳᠤᠷᠠᠬᠤ ᠳᠤ ᠦᠯᠦ ᠳᠤᠬᠢᠷᠠᠬᠤ ᠤᠷᠤᠨ ᠪᠦᠰᠡ ᠶᠢ ᠨᠡᠬᠡᠭᠡᠨ | ᠬᠦᠭᠵᠢᠭᠦᠯᠵᠤ ᠦᠯᠦ ᠪᠤᠯᠬᠤ ᠤᠷᠤᠨ ᠢᠶᠠᠷ ᠲᠤᠬᠳᠠᠭᠠᠵᠠᠢ︔ ︽ᠬᠡᠨ ᠤᠢᠢᠵᠢᠭᠤᠯᠪᠠᠯ ᠬᠡᠨ ᠦᠮᠴᠢᠯᠡᠬᠦ᠂ | ᠬᠠᠮᠳᠤ ᠪᠠᠷ ᠤᠢᠢᠵᠢᠭᠤᠯᠪᠠᠯ ᠬᠠᠮᠳᠤ ᠪᠠᠷ ᠡᠳ᠋ᠯᠡᠬᠦ᠂ ᠤᠷᠳᠤ ᠬᠤᠭᠤᠴᠠᠭ᠎ᠠ ᠪᠠᠷ ᠦᠯᠦ ᠬᠤᠪᠢᠷᠠᠭᠤᠯᠬᠤ᠂ ᠦᠶ᠎ᠡ | ᠵᠠᠯᠭᠠᠮᠵᠢᠯᠠᠵᠦ ᠪᠤᠯᠬᠤ ᠶᠢ ᠵᠦᠪᠰᠢᠶᠡᠷᠡᠬᠦ︾ ᠶᠢ ᠪᠠᠷᠢᠮᠳᠠᠯᠠᠵᠦ᠂ ︽ᠡᠪᠡᠰᠦ ᠳᠠᠷᠢᠬᠤ ᠪᠠᠷ ᠦᠢᠯᠡᠰ ᠪᠤᠰᠬᠠᠬᠤ᠂ | ᠬᠠᠰᠢᠶᠠᠯᠠᠨ ᠪᠤᠷᠳᠤᠵᠦ ᠨᠠᠷᠢᠯᠢᠬ ᠳᠡᠵᠢᠬᠡᠬᠦ᠂ ᠳᠠᠵᠢᠬᠡᠬᠦ ᠶᠢᠨ ᠳᠤᠰᠠᠳᠠ ᠳᠠᠷᠢᠬᠤ᠂ ᠳᠠᠷᠢᠬᠤ ᠪᠠᠷ ᠳᠡᠵᠢᠬᠡᠬᠦ ᠶᠢ | ᠠᠬᠢᠭᠤᠯᠬᠤ᠂ ᠳᠡᠵᠢᠬᠡᠬᠦ ᠪᠠᠷ ᠤᠷᠤᠯᠭ᠎ᠠ ᠶᠢ ᠨᠡᠮᠡᠭᠳᠡᠬᠦᠯᠬᠦ︾ ᠪᠡ ︽ᠨᠢᠬᠡ ᠠᠭᠤᠷᠬᠠᠢ ᠨᠢᠬᠡ ᠠᠵᠦ ᠠᠬᠤᠢᠢᠯᠠᠯ ᠨᠢᠬᠡ | ᠠᠭᠤᠯᠠ ᠨᠢᠬᠡ ᠭᠤᠤ ᠶᠢ ᠵᠠᠰᠠᠬᠤ᠂ ᠨᠢᠬᠡ ᠰᠢᠶᠠᠩ ᠨᠢᠬᠡ ᠪᠠᠯᠭᠠᠰᠤ ᠨᠢᠬᠡ ᠬᠦᠷᠢᠶᠡᠯᠡᠩ ᠨᠢᠬᠡ ᠳᠤᠭᠤᠷᠢᠬ ᠢ | ᠪᠦᠳᠦᠬᠡᠨ ᠪᠠᠶᠢᠭᠤᠯᠬᠤ︾ ᠵᠡᠷᠬᠡ ᠠᠮᠢ ᠠᠬᠤᠢ ᠶᠢᠨ ᠬᠠᠮᠠᠭᠠᠯᠠᠯᠳᠠ ᠬᠢᠬᠡᠳ ᠪᠦᠳᠦᠬᠡᠨ ᠪᠠᠶᠢᠭᠤᠯᠤᠯᠳᠠ ᠶᠢᠨ | ᠦᠨᠳᠦᠰᠦᠨ ᠳᠦᠷᠦ ᠶᠢᠨ ᠪᠤᠳᠤᠯᠭ᠎ᠠ ᠨᠤᠭᠤᠳ ᠢ ᠳᠤᠬᠳᠠᠭᠠᠵᠠᠢ᠃ | ᠡᠨᠡ ᠬᠤᠭᠤᠴᠠᠭᠠᠨ ᠳᠤ᠂ ︽ᠲᠠᠪᠤᠨ ᠠᠳᠠᠷ︾ ᠤᠨ ᠵᠠᠰᠠᠯᠲᠠ ᠨᠢ ᠮᠠᠯᠴᠢᠨ ᠲᠠᠷᠢᠶᠠᠴᠢᠨ ᠤ ᠭᠡᠷ ᠪᠦᠯᠢ ᠪᠠᠷ | ᠭᠤᠤᠯ ᠪᠤᠯᠭᠠᠵᠤ ᠪᠠᠶᠢᠬᠰᠠᠨ ᠠᠴᠠ᠂ ᠠᠵᠤ ᠠᠬᠤᠢᠢᠯᠠᠯ᠂ ᠺᠤᠮᠫᠠᠨᠢ ᠶᠢᠨ ᠦᠯᠡᠮᠵᠢᠬᠡᠨ ᠨᠡᠭᠡᠭᠡᠨ ᠠᠰᠢᠬᠯᠠᠯᠲᠠ | ᠪᠦᠲᠦᠭᠡᠨ ᠪᠠᠶᠢᠭᠤᠯᠤᠯᠲᠠ ᠲᠡᠶᠢᠰᠢ ᠰᠢᠯᠵᠢᠵᠤ᠂ ᠢ ᠯᠢ ᠪᠦᠯᠦᠭᠯᠡᠯ᠂ ᠳ᠋ᠦᠩ ᠳ᠋ᠠ ᠪᠦᠯᠦᠭᠯᠡᠯ᠂ ᠢ ᠲᠠᠢ ᠪᠦᠯᠦᠭᠯᠡᠯ | ᠂ ᠤᠷᠳᠤᠰ ᠪᠦᠯᠦᠭᠯᠡᠯ᠂ ᠲᠦᠩ ᠵᠢᠦ ᠪᠦᠯᠦᠭᠯᠡᠯ᠂ ᠱᠧᠨ ᠬᠤᠸᠠ ᠪᠦᠯᠦᠭᠯᠡᠯ ᠵᠡᠷᠭᠡ 80 ᠭᠠᠷᠤᠢ ᠠᠵᠤ ᠠᠬᠤᠢᠢᠯᠠᠯ᠂ | ᠵᠠᠯᠭᠠᠭ᠎ᠠ ᠪᠠᠷ ᠬᠦᠪᠴᠢ ᠳᠤ ᠤᠷᠤᠵᠤ ᠡᠯᠡᠰᠦᠷᠭᠡᠭᠵᠢᠯ ᠢ ᠰᠡᠷᠭᠡᠶᠢᠯᠡᠨ ᠵᠠᠰᠠᠬᠰᠠᠨ ᠪᠠᠶᠢᠨ᠎ᠠ᠃ | — ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠷᠳᠤᠰ ᠤᠨ ᠬᠢᠨ ᠠᠮᠢ ᠠᠬᠤᠢ ᠶᠢᠨ | ᠪᠤᠯᠪᠠᠰᠤᠨ ᠤ ᠪᠦᠳᠦᠭᠡᠨ ᠪᠠᠶᠢᠭᠤᠯᠤᠯᠲᠠ ᠶᠢ ᠬᠠᠮᠤᠭ ᠤᠨ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠪᠤᠯᠭᠠᠪᠠ᠃ ᠢ | ᠯᠢ ᠡᠯᠡᠰᠦᠨ ᠤ ᠠᠮᠢ ᠠᠬᠤᠢ ᠶᠢᠨ ᠡᠷᠡᠭᠦᠯ ᠮᠡᠨᠳᠦ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠵᠡᠷᠭᠡ 44 ᠠᠵᠤ | ᠠᠬᠤᠢᠢᠯᠠᠯ ᠢ ᠬᠤᠲᠠ ᠶᠢᠨ ᠳᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ | ᠡᠵᠡᠩᠨᠡᠯᠲᠡ ᠶᠢᠨ ᠭᠤᠤᠯᠳᠠᠯᠭᠠᠲᠤ ᠳᠠᠭᠠᠭᠤᠯᠤᠬᠴᠢ ᠠᠵᠤ ᠠᠬᠤᠢᠢᠯᠠᠯ ᠢᠶᠠᠷ ᠲᠤᠬᠲᠠᠭᠠᠪᠠ︔ ᠪᠤᠬᠢᠷᠲᠤᠯ ᠦᠭᠡᠢ | ᠮᠦᠡᠭᠭᠦᠨ ᠭᠦᠢᠯᠭᠡᠭᠡᠨ ᠤ ᠰᠢᠰᠲ᠋ᠧᠮ ᠢ ᠬᠦᠴᠦᠯᠡᠨ ᠪᠠᠶᠢᠭᠤᠯᠪᠠ︔ ᠵᠠᠰᠠᠭ ᠤᠨ ᠤᠷᠳᠤᠨ ᠤ ᠠᠵᠢᠯ ᠳᠠᠭᠠᠨ ᠠᠮᠢ | ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠳᠤᠪᠤᠶᠢᠯᠭᠠᠵᠤ᠂ ᠬᠦᠬᠡᠮᠳᠦᠭ ᠨᠤᠭᠤᠭᠠᠨ ᠠᠭᠤᠯᠠ ᠤᠰᠤᠨ ᠤ | ᠰᠢᠨ᠎ᠠ ᠳᠠᠪᠠᠭᠤᠯᠢᠭ ᠤᠨ ᠬᠦᠷᠦᠰᠦ ᠶᠢ ᠰᠢᠮᠡᠵᠢᠭᠦᠯᠪᠡ᠃ | ᠡᠯᠡᠰᠦᠨ ᠤ ᠠᠵᠤ ᠦᠢᠯᠡᠰ ᠢ ᠬᠦᠭᠵᠢᠭᠦᠯᠬᠦ᠂ ᠠᠮᠢ ᠠᠬᠤᠢ ᠶᠢᠨ ᠨᠡᠭᠦᠳᠡᠯ ᠠᠷᠠᠳ᠂ ᠪᠡᠯᠴᠢᠭᠡᠷᠯᠡᠭᠦᠯᠬᠦ ᠶᠢ | ᠵᠤᠬᠰᠤᠭᠠᠵᠤ ᠰᠡᠯᠭᠦᠨ ᠮᠠᠯᠵᠢᠬᠤ᠂ ᠠᠮᠢ ᠠᠬᠤᠢ ᠶᠢᠨ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠲᠠᠯ᠎ᠠ ᠪᠠᠷ ᠠᠵᠤ ᠠᠬᠤᠢᠢᠯᠠᠯ ᠪᠤᠯᠤᠨ ᠤᠯᠠᠨ ᠲᠦᠮᠡᠨ ᠳᠤ ᠰᠢᠭᠤᠳ ᠳᠡᠮᠵᠢᠯᠭᠡ ᠤᠯᠭᠤᠵᠤ᠂ ᠪᠡᠯᠡ ᠮᠦᠡᠭᠭᠦ᠂ | ᠮᠡᠷᠭᠡᠵᠢᠯ᠂ ᠬᠦᠳᠡᠯᠮᠦᠷᠢ ᠬᠦᠴᠦ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠠᠮᠢ ᠠᠬᠤᠢ ᠶᠢᠨ ᠬᠦᠷᠢᠶᠡᠨ ᠳᠤ | ᠲᠦᠪᠯᠡᠷᠡᠬᠦ ᠶᠢ ᠪᠦᠲᠦᠮᠵᠢᠲᠡᠢ ᠠᠬᠢᠭᠤᠯᠵᠤ᠂ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠭᠤᠤᠯ ᠴᠤᠬᠴᠠ ᠶᠢᠨ ᠤᠯᠤᠰ | ᠪᠤᠯᠤᠨ ᠬᠠᠮᠲᠤ ᠪᠠᠷ ᠭᠤᠤᠯ ᠪᠤᠯᠭᠠᠵᠤ ᠪᠠᠶᠢᠬᠰᠠᠨ ᠠᠴᠠ ᠪᠦᠬᠦ ᠨᠡᠶᠢᠭᠡᠮ ᠢᠶᠠᠷ ᠢᠶᠠᠨ ᠤᠷᠤᠯᠴᠠᠬᠤ᠂ ᠤᠯᠠᠨ | ᠡᠰᠢᠵᠢᠭᠰᠡᠨ ᠪᠡᠯᠡ ᠤᠷᠤᠭᠤᠯᠤᠯᠲᠠ ᠲᠡᠶᠢᠰᠢ ᠶᠢᠨ ᠬᠤᠪᠢᠷᠠᠯᠲᠠ ᠶᠢ ᠪᠡᠶᠡᠯᠡᠬᠦᠯᠵᠦ᠂ ᠠᠮᠢ ᠠᠬᠤᠢ ᠶᠢᠨ ᠬᠠᠮᠠᠭᠠᠯᠠᠯᠲᠠ | ᠪᠤᠯᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠢᠬᠤᠯᠠᠴᠢᠯᠠᠬᠤ ᠠᠴᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠠ ᠡᠭᠦᠳᠦᠯᠳᠡ ᠪᠠᠷ ᠲᠤᠯᠭᠠᠭᠤᠷᠢᠯᠠᠬᠰᠠᠨ ᠶᠡᠷᠦᠩᠬᠡᠶᠢᠯᠡᠨ ᠵᠠᠰᠠᠬᠤ ᠲᠡᠶᠢᠰᠢ ᠶᠢᠨ ᠬᠤᠪᠢᠷᠠᠯᠲᠠ᠂ ᠳ᠋ᠠᠩ ᠭᠠᠭᠴᠠ | ᠠᠮᠢ ᠠᠬᠤᠢ ᠶᠢᠨ ᠦᠷ᠎ᠠ ᠠᠰᠢᠭ ᠢ ᠴᠢᠬᠤᠯᠠᠴᠢᠯᠠᠵᠤ ᠪᠠᠶᠢᠬᠰᠠᠨ ᠠᠴᠠ ᠠᠮᠢ ᠠᠬᠤᠢ ᠶᠢᠨ ᠦᠷ᠎ᠠ ᠠᠰᠢᠭ᠂ ᠠᠵᠤ | ᠠᠬᠤᠢ ᠶᠢᠨ ᠦᠷ᠎ᠠ ᠠᠰᠢᠭ᠂ ᠨᠡᠶᠢᠭᠡᠮ ᠤᠨ ᠦᠷ᠎ᠠ ᠠᠰᠢᠭ ᠢ ᠬᠠᠮᠵᠢᠯᠴᠡᠭᠤᠯᠤᠨ ᠬᠠᠮᠲᠤ ᠪᠠᠷ ᠳᠠᠪᠰᠢᠬᠤ | ᠲᠡᠶᠢᠰᠢ ᠶᠢᠨ ᠬᠤᠪᠢᠷᠠᠯᠲᠠ ᠶᠢ ᠪᠡᠶᠡᠯᠡᠭᠦᠯᠪᠡ᠃ | | | ᠠᠵᠤ ᠠᠬᠤᠢᠢᠯᠠᠯ ᠠᠵᠤ ᠦᠢᠯᠡᠰᠵᠢᠭᠰᠡᠨ ᠪᠡᠯᠡ ᠤᠷᠤᠭᠤᠯᠤᠯᠲᠠ ᠬᠢᠵᠦ᠂ | ᠡᠯᠡᠰᠦᠷᠭᠡᠭᠵᠢᠯ ᠢ ᠵᠠᠰᠠᠬᠤ ᠨᠢ ᠦᠷᠬᠦᠯᠵᠢᠯᠡᠬᠦ ᠦᠢᠯᠡᠰ ᠪᠤᠯᠪᠠ | | | ᠮᠦᠨ ᠬᠦ ᠲᠡᠷᠡ ᠯᠢ ᠪᠦᠬᠡ᠂ ᠤᠳᠤ ᠤᠡᠭᠭᠤᠨ ᠲᠠᠯ᠎ᠠ ᠡᠯᠡᠰᠦᠨ ᠤ ᠠᠮᠢ ᠠᠬᠤᠢ ᠶᠢᠨ ᠵᠤᠭᠠᠴᠠᠯ ᠤᠨ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠤᠯᠪᠠ᠃ 2006 ᠤᠨ ᠳᠤ᠂ ᠭᠠᠳᠠᠨ᠎ᠠ ᠭᠠᠵᠠᠷ | ᠦᠢᠯᠡᠰ ᠡᠷᠭᠢᠯᠡᠨ᠂ ᠡᠳᠦᠢ ᠲᠡᠳᠦᠢ ᠠᠮᠵᠢᠯᠲᠠ ᠤᠯᠵᠤ ᠨᠤᠲᠤᠭ ᠲᠠᠭᠠᠨ ᠪᠤᠴᠠᠪᠠ᠃ ᠲᠤᠬᠠᠢ ᠶᠢᠨ ᠦᠶ ᠠ ᠳᠤ᠂ | ᠬᠤᠳᠠ ᠳᠤ ᠶᠠᠭ ᠰᠠᠶᠢᠬᠠᠨ ᠤᠢ ᠰᠢᠭᠤᠢ ᠶᠢᠨ ᠠᠵᠤ ᠦᠢᠯᠡᠰ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ | ᠬᠦᠴᠦᠯᠡᠨ ᠦᠷᠨᠢᠭᠦᠯᠵᠦ᠂ ᠤᠷᠢᠳ ᠬᠤᠵᠢᠳ ᠤᠯᠠᠨ ᠠᠵᠤ ᠠᠬᠤᠢᠢᠯᠠᠯ ᠬᠡᠯᠪᠡᠷᠢ ᠪᠠᠨ ᠬᠤᠪᠢᠷᠠᠭᠤᠯᠵᠤ᠂ ᠠᠮᠢ | ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠵᠠᠮ ᠢᠶᠠᠷ ᠵᠠᠮᠨᠠᠵᠤ ᠪᠠᠶᠢᠯ᠎ᠠ᠃ ᠯᠢ ᠪᠦᠬᠡ᠂ ᠽᠠᠨᠳᠠᠨ ᠵᠤᠤ ᠰᠤᠮᠦ ᠶᠢᠨ | ᠪᠦᠷᠢᠶ᠎ᠠ ᠮᠠᠩᠬᠠᠨ ᠤ ᠵᠤᠭᠠᠴᠠᠯ ᠤᠨ ᠦᠵᠡᠮᠵᠢ ᠶᠢᠨ ᠤᠷᠤᠨ ᠲᠠᠢ ᠤᠢᠢᠷᠠᠯᠴᠠᠭ᠎ᠠ ᠪᠠᠶᠢᠬᠰᠠᠨ ᠢᠶᠠᠷ᠂ ᠡᠯᠡᠰᠦᠨ ᠤ | ᠵᠤᠭᠠᠴᠠᠯ ᠤᠨ ᠡᠬᠢ ᠪᠠᠶᠠᠯᠢᠭ ᠪᠤᠯ ᠪᠡᠯᠡᠨ ᠨᠡᠷ᠎ᠠ ᠶᠢᠨ ᠬᠠᠭᠤᠳᠠᠰᠤ ᠲᠡᠳᠦᠢ᠂ ᠡᠯᠡᠰᠦᠨ ᠤ ᠡᠬᠢ ᠪᠠᠶᠠᠯᠢᠭ ᠢ | ᠵᠤᠬᠢᠰᠲᠠᠢ ᠠᠰᠢᠬᠯᠠᠨ ᠵᠤᠭᠠᠴᠠᠯ ᠢ ᠬᠦᠭᠵᠢᠭᠦᠯᠬᠦ ᠪᠤᠯ ᠯᠠᠪᠲᠠᠢ ᠰᠠᠶᠢᠨ ᠠᠷᠭ᠎ᠠ ᠪᠤᠯᠤᠨ᠎ᠠ᠃ ᠵᠤᠭᠠᠴᠠᠯ ᠤᠨ | ᠤᠷᠤᠯᠭ᠎ᠠ ᠪᠠᠨ ᠠᠰᠢᠬᠯᠠᠨ᠂ ᠴᠢᠨᠠᠬᠰᠢᠲᠠ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠭᠡᠳᠡᠷᠭᠦ ᠠᠬᠢᠭᠤᠯᠪᠠᠯ᠂ | ︽ᠵᠤᠭᠠᠴᠠᠯ + ᠠᠮᠢ ᠠᠬᠤᠢ︾ ᠶᠢᠨ ᠰᠠᠶᠢᠨ ᠤᠷᠴᠢᠯ ᠢ ᠪᠡᠶᠡᠯᠡᠭᠦᠯᠵᠦ ᠳᠡᠶᠢᠯᠦᠨ᠎ᠠ ᠭᠡᠳᠡᠭ ᠢ ᠪᠤᠳᠤᠵᠤ ᠤᠯᠪᠠ᠃ | | 2007 ᠤᠨ ᠳᠤ᠂ ᠯᠢ ᠪᠦᠬᠡ ᠠᠬ᠎ᠠ ᠳᠡᠭᠦᠦ ᠭᠤᠷᠪᠠᠭᠤᠯᠠ ᠢᠡᠭᠭᠡᠨ ᠲᠠᠯ᠎ᠠ ᠶᠢᠨ 7 ᠲᠦᠮᠡᠨ ᠮᠦ | ᠡᠯᠡᠰᠦ ᠶᠢ ᠳᠠᠭᠠᠭᠠᠴᠢᠯᠡᠵᠤ᠂ ᠡᠯᠡᠰᠦᠷᠭᠡᠭᠵᠢᠯ ᠢ ᠵᠠᠰᠠᠨ ᠨᠤᠭᠤᠭᠠᠷᠠᠭᠤᠯᠬᠤ ᠠᠵᠢᠯ ᠢᠶᠠᠨ ᠡᠬᠢᠯᠡᠭᠦᠯᠪᠡ᠃ 12 | ᠵᠢᠯ ᠳᠤ ᠨᠡᠶᠢᠲᠡ 4 ᠳ᠋ᠦᠡᠭᠰᠢᠭᠤᠷ ᠲᠦᠭᠦᠷᠢᠭ ᠰᠢᠬᠠᠮ ᠪᠡᠯᠡ ᠤᠷᠤᠭᠤᠯᠵᠤ᠂ ᠤᠤᠯ ᠨᠢ ᠬᠠᠮᠠᠷ ᠬᠠᠳᠬᠤᠬᠤ ᠡᠪᠡᠰᠦ | ᠦᠭᠡᠢ ᠪᠠᠶᠢᠬᠰᠠᠨ ᠢᠡᠭᠭᠡᠨ ᠲᠠᠯ᠎ᠠ ᠳᠤ᠂ 4 ᠲᠦᠮᠡᠨ ᠮᠦ ᠶᠢᠨ ᠨᠤᠭᠤᠭᠠᠨ ᠪᠦᠷᠢᠳᠦ ᠲᠠᠢ ᠪᠤᠯᠵᠤ᠂ ᠡᠯᠡᠰᠦᠨ ᠤ | ᠦᠵᠡᠮᠵᠢ ᠶᠢᠨ ᠤᠷᠤᠨ ᠤ ᠨᠡᠷ᠎ᠠ ᠠᠯᠳᠠᠷᠰᠢᠯ ᠤᠨ ᠭᠡᠮᠵᠢᠶ᠎ᠠ ᠲᠠᠰᠤᠷᠠᠯᠲᠠᠦᠭᠡᠢ ᠳᠡᠭᠡᠭᠰᠢᠯᠡᠪᠡ᠃ ᠬᠤᠪᠠᠭ᠋ᠠᠢ ᠡᠯᠡᠰᠦ | ᠬᠤᠪᠠᠭ᠋ᠠᠢ ᠪᠠᠷ ᠢᠶᠠᠨ ᠪᠠᠶᠢᠭᠰᠠᠠ ᠴᠤ᠂ ᠡᠯᠡᠰᠦ ᠶᠢᠨ ᠬᠠᠯᠬᠠᠪᠴᠢ ᠪᠤᠯᠤᠨ ᠤᠷᠭᠤᠮᠠᠯ ᠤᠨ ᠪᠦᠷᠭᠦᠪᠴᠢ ᠳᠤ | ᠬᠠᠰᠢᠭᠲᠠᠭᠰᠠᠠ ᠡᠯᠡᠰᠦᠨ ᠲᠤᠪᠤᠴᠠᠭ ᠲᠤᠭᠰᠢᠷᠠᠵᠦ ᠴᠢᠲᠠᠬᠤ ᠦᠭᠡᠢ ᠪᠤᠯᠵᠦ᠂ ᠵᠤᠭᠠᠴᠠᠭᠰᠡᠳ ᠡᠯᠡᠰᠦᠨ ᠳᠤ | ᠰᠠᠨᠠᠭ᠎ᠠ ᠠᠮᠤᠷ ᠵᠤᠭᠠᠴᠠᠵᠦ ᠲᠡᠶᠢᠯᠬᠦ ᠪᠤᠯᠵᠠᠢ᠃ ᠡᠳᠦᠭᠡ᠂ ᠢᠡᠭᠭᠡᠨ ᠲᠠᠯ᠎ᠠ ᠶᠢᠨ ᠡᠯᠡᠰᠦᠨ ᠤ ᠨᠤᠭᠤᠭᠠᠠ ᠪᠦᠷᠢᠲᠦ | ᠪᠠᠶᠢᠭᠠᠯᠢ ᠶᠢᠨ ᠠᠮᠢ ᠠᠬᠤᠢ ᠶᠢᠨ ᠵᠤᠭᠠᠴᠠᠯ ᠤᠨ ᠤᠷᠤᠨ ᠬᠦᠭᠵᠢᠶᠡᠨ ᠲᠠᠢ ᠤᠯᠠᠷᠢᠯ ᠳᠤ ᠡᠲᠦᠷ ᠲᠤ 3000 ᠭᠠᠷᠤᠢ | ᠵᠤᠭᠠᠴᠠᠭᠴᠢ ᠶᠢ ᠬᠦᠯᠢᠶᠠᠠ ᠠᠪᠴᠤ ᠵᠤᠴᠢᠯᠠᠵᠦ ᠪᠠᠶᠢᠨ᠎ᠠ᠃ | ᠲᠠᠯᠠᠳ ᠬᠤᠰᠢᠭᠤᠨ ᠤ ᠹᠧᠩ ᠱᠦᠢ ᠯᠢᠶᠠᠩ ᠤᠤᠯ ᠨᠢ ᠡᠯᠡᠰᠦᠨ ᠲᠠᠯᠠᠢ᠂ ᠬᠦᠮᠦᠨ ᠬᠠᠷ᠎ᠠ ᠰᠠᠭᠤᠲᠠᠭ | ᠦᠭᠡᠢ ᠤᠷᠤᠨ ᠪᠠᠶᠢᠭᠰᠠᠠ᠃ 2005 ᠤᠨ ᠳᠤ᠂ ᠳ᠋ᠦᠩ ᠳ᠋ᠠ ᠪᠦᠯᠦᠭᠯᠡᠯ ᠠᠲᠡ ᠶᠠᠲᠠᠭᠤ ᠶᠢ ᠲᠡᠳᠭᠦᠬᠦ ᠵᠢᠵᠢᠭ | ᠪᠠᠯᠭᠠᠰᠤ ᠪᠠᠶᠢᠭᠤᠯᠵᠦ᠂ ᠮᠠᠯᠴᠢᠨ ᠲᠠᠷᠢᠶᠠᠴᠢᠳ ᠲᠤ ᠰᠦᠢᠳᠭᠡᠯ ᠠᠪᠬᠤ ᠦᠭᠡᠢ ᠤᠷᠤᠠ ᠰᠠᠭᠤᠴᠠ᠂ ᠲᠠᠤᠯᠠᠢ | ᠲᠡᠵᠢᠭᠡᠬᠦ ᠬᠠᠰᠢᠶ᠎ᠠ ᠪᠠᠶᠢᠭᠤᠯᠤᠨ ᠦᠭᠴᠤ᠂ ᠲᠡᠵᠢᠭᠡᠭᠰᠡᠡ ᠲᠠᠤᠯᠠᠢ ᠶᠢ ᠨᠢ ᠵᠠᠬᠢᠶᠠᠯᠠᠠ ᠬᠤᠷᠢᠶᠠᠵᠦ ᠪᠠᠶᠢᠪᠠ᠃ ᠮᠠᠯᠴᠢᠨ | ᠲᠠᠷᠢᠶᠠᠴᠢᠨ ᠡᠵᠡᠩᠨᠡᠯᠲᠡ ᠶᠢᠨ ᠲᠦᠭᠰᠢᠬᠦᠷᠢ ᠦᠭᠡᠢ᠂ ᠪᠠᠰᠠ ᠭᠠᠵᠠᠷ ᠰᠢᠷᠤᠢ ᠪᠠᠨ ᠠᠵᠦ ᠠᠬᠤᠢᠢᠯᠠᠯ ᠳᠤ | ᠲᠦᠷᠢᠶᠡᠰᠦᠯᠡᠡ ᠦᠭᠴᠤ᠂ ᠡᠯᠡᠰᠦᠨ ᠪᠤᠷᠭᠠᠰᠤ ᠵᠡᠷᠭᠡ ᠡᠯᠡᠰᠦᠨ ᠤᠷᠭᠤᠮᠠᠯ ᠲᠠᠷᠢᠵᠠᠢ᠃ | 2010 ᠤᠨ ᠳᠤ᠂ ᠡᠪᠡᠳᠴᠢᠯᠡᠭᠰᠡᠡ ᠠᠴᠠ ᠪᠤᠯᠵᠦ ᠶᠠᠲᠠᠭᠤᠷᠠᠭᠰᠠᠠ ᠶᠠᠠᠳᠢᠶᠠᠠ ᠲᠤᠰᠬᠤᠨ ᠤ ᠠᠷᠠᠳ | ᠰᠢᠤᠢ ᠰᠦᠸᠧ ᠰᠢᠶᠤᠤ ᠪᠠᠰᠠ ᠹᠧᠩ ᠱᠦᠢ ᠯᠢᠶᠠᠩ ᠳᠤ ᠢᠷᠡᠵᠦ᠂ 2000 ᠲᠠᠤᠯᠠᠢ ᠲᠡᠵᠢᠭᠡᠵᠦ᠂ ᠠᠵᠦ | ᠠᠬᠤᠢᠢᠯᠠᠯ ᠳᠤ ᠠᠷᠰᠠᠷ ᠠᠵᠢᠯ ᠬᠢᠬᠦ ᠶᠢᠨ ᠤᠯᠠᠮ ᠢᠶᠠᠷ᠂ ᠤᠲᠤ ᠵᠢᠯ ᠤᠨ ᠤᠷᠤᠯᠭ᠎ᠠ ᠨᠢ 10 ᠲᠦᠮᠡᠡ | ᠲᠦᠬᠦᠷᠢᠭ ᠲᠤ ᠬᠦᠷᠦᠭᠰᠡᠡ ᠪᠠᠶᠢᠨ᠎ᠠ᠃ ᠲᠡᠷᠡ ᠠᠲᠠᠷᠰᠢᠭᠤᠯᠵᠤ ᠬᠠᠶᠠᠭᠰᠠᠠ ᠭᠠᠵᠠᠷ ᠰᠢᠷᠤᠢ ᠪᠠᠨ ᠪᠠᠰᠠ ᠠᠵᠦ | ᠠᠬᠤᠢᠢᠯᠠᠯ ᠳᠤ ᠲᠠᠭᠠᠭᠠᠴᠢᠯᠠᠭᠤᠯᠵᠤ᠂ ᠡᠯᠡᠰᠦᠨ ᠪᠤᠷᠭᠠᠰᠤ᠂ ᠰᠢᠷ᠎ᠠ ᠰᠢᠪᠠᠭ᠂ ᠤᠯᠢᠶᠠᠰᠤ ᠵᠡᠷᠭᠡ ᠶᠢ ᠲᠠᠷᠢᠵᠠᠢ᠃ | ᠳ᠋ᠦᠩ ᠳ᠋ᠠ ᠪᠦᠯᠦᠭᠯᠡᠯ ᠤᠨ ᠭᠡᠷᠡᠭ ᠮᠡᠲᠡᠭᠴᠢᠳ ᠤᠨ ᠲᠠᠷᠤᠭ᠎ᠠ ᠵᠤᠤ ᠶᠦᠩ ᠯᠢᠶᠠᠩ᠂ ᠡᠯᠡᠰᠦᠨ ᠳᠤ | ᠤᠷᠭᠤᠬᠤ ᠡᠯᠡᠰᠦᠨ ᠪᠤᠷᠭᠠᠰᠤ ᠶᠢᠨ ᠨᠠᠬᠢᠯᠵᠠᠭᠤᠷ ᠨᠠᠮᠠᠭ᠎ᠠ ᠪᠤᠯ ᠦᠭᠡᠷ ᠬᠤᠨᠢ ᠲᠠᠤᠯᠠᠢ ᠶᠢᠨ ᠰᠠᠶᠢᠨ ᠪᠤᠷᠲᠤᠭ᠎ᠠ | ᠪᠤᠯᠤᠨ᠎ᠠ᠂ ᠪᠦᠲᠦᠭᠦᠨ ᠨᠠᠮᠠᠭ᠎ᠠ ᠨᠢ ᠴᠠᠭᠠᠰᠤ ᠬᠢᠬᠦ ᠪᠠ ᠰᠢᠷᠠᠮᠲᠠᠭ ᠬᠠᠪᠲᠠᠰᠤ ᠬᠢᠬᠦ ᠰᠠᠶᠢᠨ ᠮᠠᠲ᠋ᠧᠷᠢᠶᠠᠯ ᠮᠦᠨ᠃ | ᠲᠠᠤᠯᠠᠢ ᠶᠢᠨ ᠠᠷᠠᠰᠤ᠂ ᠲᠠᠤᠯᠠᠢ ᠶᠢᠨ ᠠᠷᠠᠰᠤ ᠵᠡᠷᠭᠡ ᠶᠢ ᠨᠠᠷᠢᠯᠢᠭ ᠡᠳ᠋ᠰᠢᠭᠦᠯᠵᠦ ᠬᠤᠪᠴᠠᠰᠤ ᠬᠤᠨᠠᠷ᠂ ᠢᠲᠡᠭᠡᠡ | ᠬᠢᠵᠦ᠂ ᠠᠵᠦ ᠦᠢᠯᠡᠰ ᠤᠨ ᠬᠡᠯᠬᠢᠶ᠎ᠠ ᠶᠢ ᠪᠦᠷᠢᠯᠲᠦᠭᠦᠯᠵᠠᠢ᠃ ᠡᠨᠡ ᠬᠦ ᠬᠡᠯᠬᠢᠶ᠎ᠠ ᠪᠠᠷ ᠲᠠᠮᠵᠢᠭᠤᠯᠵᠦ᠂ ᠡᠯᠡᠰᠦ | ᠨᠤᠭᠤᠭᠠᠷᠠᠵᠦ᠂ ᠠᠵᠦ ᠠᠬᠤᠢᠢᠯᠠᠯ ᠠᠰᠢᠭ ᠬᠦᠷᠲᠡᠵᠦ᠂ ᠮᠠᠯᠴᠢᠨ ᠲᠠᠷᠢᠶᠠᠴᠢᠠ ᠤᠷᠤᠯᠭ᠎ᠠ ᠪᠠᠨᠨᠡᠮᠡᠭᠲᠡᠭᠦᠯᠤᠨ᠂ ᠠᠮᠢ | ᠠᠬᠤᠢ ᠶᠢᠨ ᠦᠷ᠎ᠠ ᠠᠰᠢᠭ᠂ ᠠᠵᠦ ᠠᠬᠤᠢ ᠶᠢᠨ ᠦᠷ᠎ᠠ ᠠᠰᠢᠭ᠂ ᠨᠡᠶᠢᠭᠡᠮ ᠤᠨ ᠦᠷ᠎ᠠ ᠠᠰᠢᠭ ᠢ ᠤᠯᠵᠠᠢ ᠭᠡᠵᠦ | ᠲᠠᠨᠢᠯᠴᠠᠭᠤᠯᠤᠨ᠎ᠠ᠃ | ᠢ ᠯᠢ ᠪᠦᠯᠦᠭᠯᠡᠯ ᠤᠨ ᠭᠡᠷᠡᠭ ᠮᠡᠲᠡᠭᠴᠢᠳ ᠤᠨ ᠲᠠᠷᠤᠭ᠎ᠠ ᠸᠠᠩ ᠸᠧᠠ ᠪᠢᠶᠤᠤ ᠪᠤᠯ ᠬᠠᠩᠬᠢᠨ | ᠬᠤᠰᠢᠭᠤᠨ ᠳᠤ ᠲᠦᠷᠦᠵᠦ ᠦᠰᠦᠭᠰᠡᠡ ᠬᠦᠮᠦᠨ ᠮᠦᠨ᠃ 1988 ᠤᠨ ᠳᠤ᠂ ᠲᠡᠷᠡ ᠬᠦᠪᠴᠢ ᠶᠢᠨ ᠡᠯᠡᠰᠦ ᠶᠢᠨ | ᠭᠦᠨ ᠳᠤ ᠪᠠᠶᠢᠭ᠎ᠠ ᠬᠠᠩᠬᠢᠨ ᠬᠤᠰᠢᠭᠤᠨ ᠤ ᠲᠠᠪᠤᠰᠤᠨ ᠲᠠᠯᠠᠪᠠᠢ ᠶᠢᠨ ᠲᠠᠷᠤᠭ᠎ᠠ ᠪᠠᠷ ᠠᠵᠢᠯᠯᠠᠪᠠ᠃ ᠲᠡᠷᠡ | ᠦᠶ᠎ᠠ ᠳᠤ ᠰᠠᠯᠬᠢ ᠡᠯᠡᠰᠦ ᠲᠤᠭᠰᠢᠷᠠᠵᠦ᠂ ᠡᠯᠡᠰᠦᠷᠭᠡᠭᠵᠢᠯ ᠢ ᠵᠠᠰᠠᠬᠤ ᠦᠭᠡᠢ ᠪᠤᠯ ᠰᠠᠯᠬᠢ ᠡᠯᠡᠰᠦ ᠲᠠᠪᠤᠰᠤᠨ ᠨᠠᠭᠤᠷ | ᠪᠤᠯᠤᠨ ᠠᠵᠦ ᠠᠬᠤᠢᠢᠯᠠᠯ ᠢ ᠨᠢ ᠵᠠᠯᠬᠢᠬᠤ ᠳᠤ ᠬᠦᠷᠴᠠᠢ᠃ ᠲᠡᠷᠡ 1 ᠲᠤᠨ ᠲᠠᠪᠤᠰᠤ ᠶᠢᠨ ᠤᠷᠤᠯᠭ᠎ᠠ ᠠᠴᠠ ᠪᠠᠨ 5 | ᠲᠦᠭᠦᠷᠢᠭ ᠭᠠᠷᠭᠠᠵᠦ ᠡᠯᠡᠰᠦᠷᠭᠡᠭᠵᠢᠯ ᠢ ᠵᠠᠰᠠᠬᠤ ᠳᠤ ᠬᠡᠷᠡᠭᠯᠡᠬᠦ ᠪᠠᠷ ᠪᠤᠯᠪᠠ᠃ ᠡᠨᠡ ᠶᠠᠩᠵᠦ ᠪᠠᠷ 30 ᠵᠢᠯ | ᠡᠯᠡᠰᠤ ᠶᠢ ᠵᠠᠰᠠᠵᠠᠢ᠃ | ᠢ ᠯᠢ ᠪᠦᠯᠦᠭᠯᠡᠯ ᠤᠨ ᠬᠦᠪᠴᠢ ᠶᠢᠨ ᠡᠯᠡᠰᠦ ᠶᠢ ᠵᠠᠰᠬᠠᠤ ᠳᠤ ᠪᠡᠯᠡ ᠤᠷᠤᠭᠤᠯᠤᠭᠰᠠᠠ ᠬᠡᠪ ᠵᠠᠭᠪᠤᠷ ᠨᠢ ︽ | ᠨᠠᠶᠢᠲᠠ ᠶᠢᠨ ᠠᠰᠠᠷᠠᠮᠵᠢ ᠪᠤᠯᠤᠨ ᠠᠵᠦ ᠦᠢᠯᠡᠰ ᠢ ᠤᠶᠠᠯᠲᠤᠭᠤᠯᠵᠦ᠂ ︿ᠴᠢᠰᠤ ᠶᠡᠭᠦᠯᠡᠬᠦ ᠪᠠ ᠴᠢᠰᠤ ᠪᠦᠲᠦᠭᠡᠬᠦ﹀ | ᠶᠢ ᠤᠶᠠᠯᠲᠤᠭᠤᠯᠵᠠᠢ︾᠃ 30 ᠵᠢᠯ ᠳᠤ᠂ ᠢ ᠯᠢ ᠪᠦᠯᠦᠭᠯᠡᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡ | ᠤᠷᠤᠭᠤᠯᠤᠯᠲᠠ 33 ᠳ᠋ᠦᠩᠰᠢᠭᠤᠷ ᠲᠦᠬᠦᠷᠢᠭ ᠲᠤ ᠬᠦᠷᠴᠤ᠂ ᠠᠵᠦ ᠦᠢᠯᠡᠰᠵᠢᠬᠦᠯᠦᠭᠰᠡᠡ ᠴᠢᠨᠠᠷᠲᠠᠢ ᠪᠡᠯᠡ | ᠤᠷᠤᠭᠤᠯᠤᠯᠲᠠ 380 ᠳ᠋ᠦᠩᠰᠢᠭᠤᠷ ᠲᠦᠬᠦᠷᠢᠭ ᠲᠤ ᠬᠦᠷᠴᠦ᠂ ᠵᠠᠰᠠᠭ ᠤᠨ ᠤᠷᠲᠤᠨ ᠤ ᠨᠦᠬᠦᠪᠦᠷᠢ ᠶᠢ 7900 | ᠲᠦᠮᠡᠡ ᠲᠦᠬᠦᠷᠢᠭ ᠤᠯᠵᠠᠢ᠃ ᠡᠷᠬᠢᠴᠡᠭᠦᠯᠦᠭᠡᠳ ᠦᠵᠡᠪᠠᠯ᠂ ᠲᠦᠷᠦᠭᠦᠦ ᠠᠷᠪᠠᠠ ᠵᠢᠯ ᠳᠤ ︽ᠴᠢᠰᠦ ᠶᠡᠭᠦᠯᠡᠵᠠᠢ︾ | ᠂ ᠲᠠᠷᠤᠢ ᠭᠤᠤᠯ ᠦᠢᠯᠡᠰ ᠤᠨ ᠢᠶᠠᠨ ᠠᠰᠢᠭ ᠬᠤᠨᠵᠢᠪᠤᠷᠢ ᠠᠴᠠ ᠵᠢᠯ ᠪᠦᠷᠢ 10% — 20% ᠢ ᠭᠠᠷᠭᠠᠵᠦ | ᠡᠯᠡᠰᠦᠷᠭᠡᠭᠵᠢᠯ ᠢ ᠵᠠᠰᠠᠪᠠ︔ ᠬᠤᠶᠠᠲᠤᠭᠠᠷ ᠠᠷᠪᠠᠠ ᠵᠢᠯ ᠪᠤᠯ ︽ᠴᠢᠰᠤ ᠶᠡᠭᠦᠯᠡᠵᠦ + ᠴᠢᠰᠦ ᠪᠦᠲᠦᠭᠡᠵᠠᠢ︾︔ | ᠭᠤᠷᠪᠠᠲᠤᠭᠠᠷ ᠠᠷᠪᠠᠠ ᠵᠢᠯ᠂ ᠢᠯᠠᠩᠭᠤᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ | ᠪᠦᠷᠢᠮᠦᠰᠦᠨ ︽ᠴᠢᠰᠤ ᠪᠦᠲᠦᠭᠡᠵᠦ︾᠂ ︽ᠵᠠᠰᠠᠭᠰᠠᠠ ᠠᠮᠵᠢᠯᠲᠠ ᠪᠦᠲᠦᠮᠵᠢ ᠶᠢ ᠨᠢ ᠤᠯᠵᠦ ᠬᠠᠷᠠᠨ᠂ ᠠᠵᠦ | ᠠᠬᠤᠢ ᠶᠢᠨ ᠲᠠᠩᠰᠠ ᠶᠢ ᠪᠤᠲᠤᠵᠦ ᠲᠡᠶᠢᠯᠬᠦ︾ ᠰᠠᠶᠢᠨ ᠡᠷᠬᠢᠯᠲᠡ ᠶᠢᠨ ᠵᠠᠮ ᠳᠤ ᠤᠷᠤᠭᠰᠠᠠ ᠪᠠᠶᠢᠨ᠎ᠠ᠃ | 30 ᠵᠢᠯ ᠤᠨ ᠡᠯᠡᠰᠤᠷᠭᠡᠭᠵᠢᠯ ᠢ ᠵᠠᠰᠠᠭᠰᠠᠠ ᠠᠬᠢᠴᠡ ᠪᠠᠨ ᠡᠷᠬᠢᠴᠡᠭᠦᠯᠬᠦ ᠳᠤ᠂ ᠸᠠᠩ ᠸᠧᠨ ᠪᠢᠶᠤᠤ᠄ ︽ | ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠡᠭᠠᠰᠢ᠂ ᠢ ᠯᠢ ᠶᠢᠨ ᠭᠦᠪᠴᠢ ᠶᠢᠨ ᠡᠯᠡᠰᠤ ᠶᠢ ᠵᠠᠰᠠᠬᠰᠡᠨ | ᠲᠡᠯᠡᠪᠡᠢ ᠡᠭᠦᠨ ᠠᠴᠠ ᠡᠮᠤᠨᠡᠬᠢ 20 ᠵᠢᠯ ᠤᠨ ᠡᠯᠡᠰᠤᠷᠭᠡᠭᠵᠢᠯ ᠢ ᠵᠠᠰᠠᠬᠰᠠᠨ ᠲᠡᠯᠡᠪᠡᠢ ᠶᠢᠨ ᠨᠡᠶᠢᠯᠡᠪᠦᠷᠢ ᠲᠠᠢ | ᠲᠠᠩᠴᠡᠨᠡ᠃ ᠭᠦᠪᠴᠢ ᠶᠢᠨ ᠡᠯᠡᠰᠤ ᠶᠢ ᠵᠠᠰᠠᠬᠰᠡᠨ 30 ᠵᠢᠯ ᠳᠤ ᠤᠯᠤᠬᠰᠡᠨ ᠡᠯᠡᠰᠤᠷᠭᠡᠭᠵᠢᠯ ᠢ ᠵᠠᠰᠠᠬᠤ ᠰᠢᠨᠵᠢᠯᠡᠭᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ 343 ᠦᠷ᠎ᠠ ᠪᠦᠳᠦᠭᠡᠯ ᠤᠨ 290 ᠭᠠᠷᠤᠢ ᠶᠢ ᠨᠢ ᠴᠦᠮ ᠡᠨᠡ | ᠬᠡᠳᠤᠨ ᠵᠢᠯ ᠳᠤ ᠤᠯᠤᠬᠰᠡᠨ ᠶᠤᠮ᠃ ᠭᠦᠪᠴᠢ ᠶᠢᠨ ᠦᠨᠤᠳᠤᠷ ᠤᠨ ᠦᠷᠨᠢᠭᠦᠨ ᠭᠦᠭᠵᠢᠵᠤ ᠪᠠᠶᠢᠭ᠎ᠠ ᠴᠢᠬᠤᠯᠡ | ᠶᠡᠭᠡ ᠠᠮᠢ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠢ ᠪᠤᠯ ᠴᠦᠮ ᠡᠨᠡ ᠬᠡᠳᠤᠨ ᠵᠢᠯ ᠳᠤ ᠬᠡᠷᠡᠭᠵᠢᠭᠦᠯᠵᠡᠢ᠃ | ᠭᠦᠪᠴᠢ ᠶᠢᠨ ᠡᠯᠡᠰᠤ ᠶᠢ ᠰᠡᠷᠭᠡᠶᠢᠯᠡᠭᠦ ᠡᠯᠡᠰᠤᠷᠭᠡᠭᠵᠢᠯ ᠢ ᠵᠠᠰᠠᠬᠤ ᠲᠤᠷᠰᠢᠯᠭ᠎ᠠ ᠨᠢ ᠰᠢᠨᠵᠢᠶᠠᠩ ᠤᠨ ᠡᠮᠤᠨᠡᠳᠤ | ᠭᠡᠰᠡᠭ ᠤᠨ ᠡᠯᠡᠰᠤᠨ ᠴᠦᠯ᠂ ᠭᠦᠭᠡᠨᠠᠭᠤᠷ ᠲᠦᠪᠡᠳ ᠤᠨ ᠦᠨᠳᠦᠷᠯᠢᠭ᠂ ᠪᠠᠷᠠᠭᠤᠨ ᠤᠷᠤᠨ ᠤ ᠡᠯᠡᠰᠦᠷᠭᠡᠭ | ᠤᠷᠤᠨ ᠳᠤ ᠯᠠᠪᠯᠠᠯᠳᠡ ᠪᠤᠯᠵᠤ᠂ ︿ᠨᠢᠭᠡ ᠪᠦᠰᠡ ᠨᠢᠭᠡ ᠵᠠᠮ﹀ ᠤᠨ ᠪᠦᠲᠦᠬᠡᠨ ᠪᠠᠶᠢᠭᠤᠯᠤᠯᠲᠠ ᠳᠤ ᠤᠷᠤᠯᠴᠠᠵᠤ | ᠪᠠᠶᠢᠭ᠎ᠠ ᠤᠯᠤᠰ ᠪᠤᠯᠤᠨ ᠭᠠᠵᠠᠷ ᠤᠷᠤᠨ ᠳᠤ ᠤᠷᠤᠭᠰᠠᠠ ᠨᠢ ᠴᠦᠮ ᠡᠨᠡ ᠬᠡᠳᠤᠨ ᠵᠢᠯ ᠳᠤ ᠪᠡᠶᠡᠯᠡᠭᠳᠡᠭᠰᠡᠨ ᠶᠤᠮ︾ | ᠭᠡᠵᠤ ᠶᠠᠷᠢᠵᠤ ᠪᠠᠶᠢᠯ᠎ᠠ᠃ | ᠢ ᠯᠢ ᠠᠮᠢ ᠠᠬᠤᠢ ᠶᠢ ᠰᠠᠶᠢᠵᠢᠷᠠᠭᠤᠯᠤᠬᠰᠡᠨ ᠰᠠᠭᠤᠷᠢᠨ ᠳᠡᠭᠡᠷ᠎ᠡ᠂ ︽1+6︾ ᠶᠢᠨ ᠪᠤᠰᠤᠭ᠎ᠠ | ᠴᠤᠬᠴᠠ ᠶᠢᠨ ᠡᠷᠬᠢᠯᠲᠡᠲᠦ ᠠᠮᠢ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠬᠦᠯᠦᠨ᠂ ᠬᠡᠰᠡᠭ ᠬᠡᠰᠡᠭ | ᠡᠯᠡᠰᠤᠨ ᠴᠦᠯ ᠢ ᠨᠤᠭᠤᠭᠠᠷᠠᠭᠤᠯᠵᠤ᠂ ᠠᠮᠢ ᠠᠬᠤᠢ ᠶᠢ ᠵᠠᠰᠠᠵᠤ ᠰᠡᠷᠭᠦᠭᠡᠬᠦ᠂ ᠠᠮᠢ ᠠᠬᠤᠢ ᠶᠢᠨ ᠲᠠᠷᠢᠶᠠᠯᠠᠩ ᠮᠠᠯ | ᠠᠵᠤ ᠠᠬᠤᠢ᠂ ᠠᠮᠢ ᠠᠬᠤᠢ ᠶᠢᠨ ᠡᠷᠡᠭᠦᠯᠵᠢᠯ᠂ ᠠᠮᠢ ᠠᠬᠤᠢ ᠶᠢᠨ ᠵᠤᠭᠠᠴᠡᠯ᠂ ᠠᠮᠢ ᠠᠬᠤᠢ ᠶᠢᠨ ᠭᠡᠷᠡᠯ ᠴᠡᠨᠡᠭ᠂ | ᠠᠮᠢ ᠠᠬᠤᠢ ᠶᠢᠨ ᠠᠵᠤ ᠦᠢᠯᠡᠳᠪᠦᠷᠢ ᠵᠡᠷᠭᠡ ᠵᠢᠷᠭᠤᠭᠠᠨ ᠶᠡᠭᠡ ᠠᠵᠤ ᠦᠢᠯᠡᠰ ᠢ ᠪᠤᠶᠢᠵᠢᠭᠤᠯᠵᠠᠢ᠃ ᠠᠵᠤ ᠦᠢᠯᠡᠰ | ᠦᠷᠨᠢᠩᠭᠦᠢ ᠪᠠᠷ ᠭᠦᠭᠵᠢᠵᠤ᠂ ᠵᠢᠷᠤᠮ ᠠᠰᠢᠭ ᠢ ᠲᠡᠩᠴᠡᠭᠦᠷᠢᠰᠢᠭᠦᠯᠵᠤ ᠬᠠᠮᠳᠤ ᠳᠤᠨᠢ ᠬᠠᠷᠠᠭᠠᠯᠵᠠᠪᠠ᠃ ᠢ ᠯᠢ | ᠪᠦᠯᠦᠭᠯᠡᠯ ᠤᠨ ᠵᠢᠯ ᠪᠦᠷᠢ ᠶᠢᠨ ᠪᠦᠭᠦ᠋ᠢᠯᠡ ᠡᠯᠡᠰᠤᠨ ᠤ ᠠᠵᠤ ᠦᠢᠯᠡᠰ ᠤᠨ ᠪᠤᠷᠤᠯᠠᠭᠤᠯᠭ᠎ᠠ ᠶᠢᠨ ᠤᠷᠤᠯᠭ᠎ᠠ ᠨᠢ | 100 ᠭᠠᠷᠤᠢ ᠳ᠋ᠦᠩᠰᠢᠭᠤᠷ ᠲᠦᠭᠦᠷᠢᠭ ᠲᠤ ᠭᠦᠷᠴᠤ᠂ ᠭᠤᠤᠯᠳᠠᠭᠤ ᠡᠮ ᠡᠮᠨᠡᠯᠭᠡ᠂ ᠵᠤᠭᠠᠴᠡᠯ᠂ ᠭᠡᠷᠡᠯ ᠴᠡᠨᠡᠭ᠂ | ᠠᠵᠤ ᠦᠢᠯᠡᠳᠪᠦᠷᠢ᠂ ᠪᠤᠷᠳᠤᠭᠤᠷ᠂ ᠲᠡᠵᠢᠭᠡᠯ ᠪᠤᠷᠳᠤᠭ᠎ᠠ ᠠᠴᠠ ᠢᠷᠡᠯᠳᠡ ᠲᠠᠢ ᠪᠠᠶᠢᠵᠤ᠂ ᠠᠰᠢᠭ ᠤᠯᠵᠠᠪᠤᠷᠢ ᠨᠢ 8 | % ᠠᠴᠠ 10 % ᠳᠤ ᠬᠦᠷᠳᠡᠭ᠃ | ᠢ ᠯᠢ᠂ ᠳ᠋ᠦᠩ ᠳ᠋ᠠ ᠠᠴᠠ ᠭᠠᠳᠠᠨ᠎ᠡ᠂ ᠡᠯᠡᠰᠤᠨ ᠤ ᠠᠮᠢ ᠠᠬᠤᠢ ᠶᠢᠨ ᠠᠵᠤ ᠦᠢᠯᠡᠰ ᠲᠤ ᠪᠡᠰᠡ | ᠢ ᠲᠠᠢ ᠶᠢᠨ ᠵᠠᠭᠤᠨᠲ᠋ᠦ᠋ᠮᠡᠨ ᠮᠤ᠋ ᠶᠢᠨ ᠨᠡᠬᠦᠷᠡᠰᠦᠳᠦ᠋ᠷᠦᠭᠴᠢ ᠴᠤᠬᠯᠠᠭᠤᠯᠬᠤ ᠤᠢ ᠰᠢᠭᠤᠢ ᠶᠢᠨ ᠢᠨᠵᠧᠨᠧᠷᠢᠩ᠂ | ᠯᠢᠤᠢ ᠶᠤᠸᠠᠨ ᠵᠠᠬ ᠮᠤᠳᠤ ᠳᠤ ᠴᠠᠭᠠᠨᠭᠤᠶᠤᠤ ᠵᠠᠯᠭᠠᠬᠤ᠂ ᠲᠢᠶᠠᠨ ᠵᠢᠶᠤᠤ ᠴᠢᠴᠠᠷᠭᠠᠨᠡ ᠶᠢᠨ ᠤᠮᠳᠠᠭᠠᠨ᠂ | ᠦᠨᠳᠦᠷᠯᠢᠭ ᠤᠨ ᠭᠦᠢᠯᠡᠰᠤᠨ ᠴᠦᠮ᠎ᠡ ᠶᠢᠨ ᠨᠡᠷᠡᠮᠡᠯ᠂ ᠶᠤᠸᠠᠨ ᠹᠧᠩ ᠠᠮᠢᠳᠤ ᠪᠤᠳᠠᠰ ᠤᠨ ᠢᠯᠴᠢ ᠶᠢᠨ ᠴᠠᠬᠢᠯᠭᠠᠨ᠂ | ᠲᠦᠩ ᠶᠤᠸᠠᠨ ᠠᠵᠤ ᠦᠢᠯᠡᠳᠪᠦᠷᠢ ᠶᠢᠨ ᠡᠯᠡᠰᠤᠷᠭᠡᠭᠵᠢᠯ ᠢ ᠵᠠᠰᠠᠬᠤ ᠲᠦᠷᠦᠯ ᠵᠦᠢᠯ᠂ ᠪᠦᠷᠢᠶ᠎ᠠ ᠮᠠᠩᠬ᠎ᠠ | ᠪᠦᠯᠦᠭᠯᠡᠯ ᠤᠨ 5A ᠲᠡᠰ ᠤᠨ ᠵᠤᠭᠠᠴᠡᠯ ᠤᠨ ᠤᠷᠤᠨ ᠁ ᠵᠡᠷᠬᠡ ᠪᠠᠶᠢᠵᠤ᠂ ᠲᠦᠪ ᠤᠨ ᠪᠠ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ᠂ ᠤᠷᠳᠤᠰ ᠬᠤᠳᠡ ᠶᠢᠨ ᠡᠯ᠎ᠡ ᠲᠦᠷᠦᠯ ᠤᠨ ᠲᠡᠮᠵᠢᠯᠭᠡ ᠶᠢᠨ ᠴᠢᠨᠠᠷᠳᠠᠢ | ᠲᠦᠷᠦ ᠶᠢᠨ ᠪᠤᠳᠤᠯᠭ᠎ᠠ ᠶᠢᠨ ᠲᠠᠭᠠᠭᠤᠯᠭ᠎ᠠ ᠲᠤᠤᠷ᠎ᠠ᠂ ᠡᠯ᠎ᠡ ᠲᠦᠷᠦᠯ ᠤᠨ ᠠᠵᠤ ᠠᠬᠤᠢᠢᠯᠡᠯ ᠤᠨ ᠬᠢᠨ ᠠᠵᠤ | ᠦᠢᠯᠡᠰᠵᠢᠬᠦᠯᠦᠭᠰᠡᠡ ᠪᠡᠯᠡ ᠤᠷᠤᠭᠤᠯᠵᠤ᠂ ᠬᠡᠪᠴᠢᠶᠡᠵᠢᠭᠰᠡᠨ ᠡᠯᠡᠰᠤᠷᠭᠡᠭᠵᠢᠯ ᠢ ᠵᠠᠰᠠᠬᠤ ᠠᠵᠢᠯ ᠳᠤ ᠢᠳᠡᠪᠬᠢᠳᠡᠢ | ᠤᠷᠤᠯᠴᠠᠵᠤ᠂ ᠰᠢᠨᠵᠢᠯᠡᠭᠦ ᠤᠬᠠᠭᠠᠨᠴᠢ ᠪᠠᠷ ᠤᠢᠰᠢᠭᠤᠢ ᠡᠯᠡᠰᠤᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠵᠤ᠂ | ᠭᠦᠪᠴᠢ ᠶᠢᠨ ᠡᠯᠡᠰᠦᠷᠭᠡᠭ ᠤᠷᠤᠨ ᠢ ᠳ᠋ᠠᠩ ᠭᠠᠭᠴᠠᠡᠯᠡᠰᠤᠷᠭᠡᠭᠵᠢᠯ ᠢ ᠵᠠᠰᠠᠬᠤ ᠠᠴᠠ ᠠᠮᠢ ᠠᠬᠤᠢ ᠶᠢᠨ | ᠪᠠᠶᠢᠭᠤᠯᠤᠯᠳᠡ ᠪᠡ ᠠᠮᠢ ᠠᠬᠤᠢ ᠶᠢᠨ ᠠᠵᠤ ᠠᠬᠤᠢ ᠶᠢᠨ ᠭᠦᠭᠵᠢᠯᠳᠡ ᠶᠢ ᠵᠡᠷᠭᠡ ᠪᠠᠷ ᠴᠢᠬᠤᠯᠠᠴᠢᠯᠠᠬᠤ ᠬᠡᠯᠪᠡᠷᠢ ᠪᠠᠨ | ᠬᠤᠪᠢᠷᠠᠭᠤᠯᠬᠤ ᠶᠢ ᠲᠠᠶᠢᠴᠢᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰᠠᠭᠤᠰᠤᠯᠴᠡᠨ ᠭᠦᠭᠵᠢᠭᠦ | ᠠᠮᠢ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠤᠢ ᠪᠤᠯᠭᠠᠵᠠᠢ᠃ | | | ᠮᠠᠯᠴᠢᠨ ᠲᠠᠷᠢᠶᠠᠴᠢᠨ ᠵᠠᠬ᠎ᠠ ᠲᠡᠯᠭᠡᠭᠦᠷᠴᠢᠯᠡᠨ ᠤᠷᠤᠯᠴᠠᠵᠤ᠂ | ᠡᠯᠡᠰᠤ ᠨᠤᠭᠤᠭᠠᠷᠠᠵᠤ ᠠᠷᠠᠳ ᠤᠯᠠᠨ ᠪᠠᠶᠠᠵᠢᠯᠠ | | | ᠡᠯᠡᠰᠤᠷᠬᠡᠭᠵᠢᠯ ᠢ ᠵᠠᠰᠠᠬᠤ ᠪᠤᠯ ᠨᠢᠭᠡᠨ ᠭᠦᠴᠢᠷᠳᠡᠯ ᠶᠡᠭᠡ᠂ ᠪᠡᠯᠡ ᠤᠷᠤᠭᠤᠯᠤᠯᠳᠡ ᠶᠡᠭᠡ᠂ ᠦᠶᠡᠯᠡᠯ ᠤᠨ | ᠴᠠᠭ ᠨᠢ ᠤᠷᠳᠤ᠂ ᠦᠷ᠎ᠠ ᠪᠦᠳᠦᠮᠵᠢ ᠭᠠᠷᠬᠤ ᠨᠢ ᠤᠳᠠᠭᠠᠨ ᠰᠢᠰᠲ᠋ᠧᠮᠳᠤ ᠢᠨᠵᠧᠨᠧᠷᠢᠩ ᠪᠤᠯᠤᠨ᠎ᠡ᠃ ᠠᠵᠤ | ᠠᠬᠤᠢᠢᠯᠡᠯ ᠤᠨ ᠠᠵᠤ ᠦᠢᠯᠡᠰᠵᠢᠬᠦᠯᠦᠭᠰᠡᠡ ᠪᠡᠯᠡ ᠤᠷᠤᠭᠤᠯᠤᠯᠳᠡ ᠨᠢ ︽ᠵᠤᠭᠤᠰ ᠬᠠᠮᠢᠭ᠎ᠠ ᠠᠴᠠ ᠢᠷᠡᠭᠦ ᠪᠤᠢ︾ | ᠭᠡᠭᠦ ᠠᠰᠠᠭᠤᠳᠠᠯ ᠢ ᠰᠢᠢᠳᠪᠦᠷᠢᠯᠡᠵᠠᠢ᠃ ᠡᠯᠡᠰᠤᠷᠭᠡᠭᠵᠢᠯ ᠢ ᠵᠠᠰᠠᠬᠤ ᠳᠤ ᠪᠡᠰᠡ ᠶᠡᠭᠡ ᠬᠡᠮᠵᠢᠶᠡᠨ ᠤ ᠭᠦᠳᠡᠯᠮᠦᠷᠢᠴᠢᠨ ᠢ | ᠭᠡᠷᠡᠭᠰᠡᠨ᠎ᠡ᠃ ᠠᠵᠤ ᠠᠬᠤᠢᠢᠯᠡᠯ ᠤᠨ ᠬᠢᠨ ᠠᠵᠢᠯᠴᠢᠨ ᠭᠡᠷᠡᠭᠯᠡᠭᠦ ᠰᠠᠨᠠᠭ᠎ᠠ ᠲᠠᠢ᠂ ᠮᠠᠯᠴᠢᠨ ᠲᠠᠷᠢᠶᠠᠴᠢᠨ | ᠤᠷᠤᠯᠭ᠎ᠠ ᠪᠠᠨ ᠨᠡᠮᠡᠭᠳᠡᠭᠦᠯᠵᠤ ᠪᠡᠶᠡᠵᠢᠬᠤ ᠰᠠᠨᠠᠭ᠎ᠠ ᠲᠠᠢ᠂ ᠠᠰᠢᠭ ᠲᠤᠰᠡ ᠬᠠᠷᠢᠯᠴᠡᠨᠠᠳᠠᠯᠢᠬᠠᠨ ᠭᠠᠵᠠᠷ ᠲᠠᠢ | ᠪᠠᠶᠢᠯ᠎ᠡ᠃ | ᠬᠦᠪᠴᠢ ᠶᠢᠨ ᠡᠯᠡᠰᠦ ᠶᠢ ᠵᠠᠰᠠᠬᠰᠠᠨ ᠬᠡᠳᠦᠨ ᠠᠷᠪᠠᠨ ᠵᠢᠯ ᠳᠤ᠂ ᠨᠠᠮ ᠤᠨ ᠬᠤᠷᠢᠶ᠎ᠠ ᠵᠠᠰᠠᠬ ᠤᠨ ᠤᠷᠳᠤᠨ ᠤ | ᠲᠦᠷᠦ ᠶᠢᠨ ᠪᠤᠳᠤᠯᠭ᠎ᠠ ᠶᠢᠨ ᠬᠦᠲᠦᠯᠦᠨ ᠳᠠᠭᠠᠭᠤᠯᠭ᠎ᠠ ᠪᠤᠯᠤᠨ ᠲᠠᠭᠠᠭᠤᠯᠤᠭᠴᠢ ᠠᠵᠤ ᠠᠬᠤᠢᠢᠯᠠᠯ ᠤᠨ | ᠳᠠᠶᠢᠴᠢᠯᠠᠯᠲᠠ ᠪᠠᠷ ᠳᠠᠮᠵᠢᠨ ᠤᠯᠠᠨ ᠲᠠᠯ᠎ᠠ ᠶᠢᠨ᠂ ᠤᠯᠠᠨ ᠠᠷᠭ᠎ᠠ ᠵᠠᠮ ᠤᠨ ᠠᠰᠢᠬ ᠲᠤᠰᠠ ᠬᠤᠯᠪᠤᠯᠳᠤᠬᠰᠠᠨ | ᠲᠤᠬᠲᠠᠴᠠ ᠶᠢ ᠪᠠᠶᠢᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠤᠨᠴᠠᠭᠠᠢᠢᠯᠠᠨ ᠶᠠᠳᠠᠭᠤ ᠬᠦᠴᠢᠷᠳᠡᠯᠲᠡᠢ ᠤᠯᠠᠨ | ᠲᠦᠮᠡᠨ ᠤ ᠡᠯᠡᠰᠦᠷᠭᠡᠭᠵᠢᠯ ᠢ ᠵᠠᠰᠠᠵᠤ ᠪᠠᠶᠠᠵᠢᠬᠤ ᠢᠳᠡᠪᠬᠢᠵᠢᠯ ᠢ ᠭᠦᠢᠴᠡᠳ ᠳᠠᠶᠢᠴᠢᠯᠠᠪᠠ᠃ | ᠦ᠋ ᡁᠢ ᠬᠤᠸᠠ ᠤᠤᠯ ᠳᠠᠭᠠᠨ ᠬᠠᠩᠬᠢᠨ ᠬᠤᠰᠢᠭᠤᠨ ᠤ ᠲᠤᠭᠤᠢᠢᠲᠠᠯᠠ ᠪᠠᠯᠭᠠᠰᠤᠨ ᠤ ᠬᠠᠩᠬᠢᠨᠨᠠᠭᠤᠷ | ᠲᠤᠰᠬᠤᠨ ᠤ ᠶᠠᠳᠠᠭᠤ ᠬᠦᠴᠢᠷᠳᠡᠯᠲᠡᠢ ᠡᠷᠦᠬᠡ ᠪᠠᠶᠢᠵᠤ᠂ ᠳᠠᠭᠠᠭᠠᠴᠢᠯᠠᠵᠤ ᠠᠪᠤᠬᠰᠠᠨ 9 ᠮᠤ᠋ ᠭᠠᠵᠠᠷ ᠤᠨ | ᠡᠯᠡᠰᠦᠷᠭᠡᠭᠵᠢᠭᠰᠡᠨ ᠪᠠᠶᠢᠳᠠᠯ ᠬᠦᠨᠳᠦ ᠨᠤᠴᠢᠲᠠᠢ ᠪᠠᠶᠢᠵᠤ᠂ ᠵᠢᠯ ᠪᠦᠷᠢ ᠲᠠᠷᠢᠶ᠎ᠠ ᠲᠠᠷᠢᠵᠤ ᠵᠤᠪᠠᠵᠤ ᠵᠦᠳᠡᠷᠡᠭᠰᠡᠨ ᠴᠤ | ᠵᠤᠭᠤᠰ ᠤᠯᠵᠤ ᠳᠡᠶᠢᠯᠳᠡᠭ ᠦᠭᠡᠢ᠃ ᠤᠳᠤ ᠲᠡᠷᠡ ᠢ ᠯᠢ ᠪᠦᠯᠦᠭᠯᠡᠯ ᠤᠨ ᠠᠮᠤᠭᠤᠯᠠᠩ ᠡᠷᠡᠭᠦᠯ ᠮᠡᠨᠳᠦ ᠶᠢᠨ ᠠᠵᠤ | ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠠᠵᠢᠯ ᠬᠢᠵᠤ᠂ ᠰᠢᠬᠢᠷ ᠡᠪᠡᠰᠦ ᠶᠢ ᠠᠷᠠᠴᠢᠯᠠᠨ ᠬᠠᠮᠠᠭᠠᠯᠠᠬᠤ | ᠠᠵᠢᠯ ᠢ ᠬᠠᠷᠢᠭᠤᠴᠠᠵᠤ ᠪᠤᠢ᠂ ᠡᠳᠦᠷ ᠪᠦᠷᠢ 200 ᠲᠦᠭᠦᠷᠢᠭ ᠤᠨ ᠴᠠᠯᠢᠩ ᠲᠠᠢ᠃ ᠲᠡᠷᠡ ᠪᠠᠰᠠ ᠢ ᠯᠢ ᠶᠢᠨ | 30 ᠮᠤ᠋ ᠡᠯᠡᠰᠦᠨ ᠭᠠᠵᠠᠷ ᠢ ᠳᠠᠭᠠᠭᠠᠴᠢᠯᠠᠨ ᠠᠪᠴᠤ ᠰᠢᠬᠢᠷ ᠡᠪᠡᠰᠦ ᠲᠠᠷᠢᠵᠤ᠂ ᠵᠦᠪᠬᠡᠨ ᠲᠠᠷᠢᠵᠤ ᠬᠠᠮᠢᠶᠠᠷᠴᠤ | ᠬᠠᠮᠠᠭᠠᠯᠠᠬᠤ ᠶᠢ ᠬᠠᠷᠢᠭᠤᠴᠠᠵᠤ᠂ ᠢ ᠯᠢ ᠶᠢᠨ ᠬᠠᠷᠢᠶ᠎ᠠ ᠺᠤᠮᠫᠠᠨᠢ ᠠᠴᠠ ᠴᠢᠬᠢ ᠶᠢᠨ ᠬᠠᠩᠭᠠᠯᠭ᠎ᠠ᠂ ᠮᠡᠷᠭᠡᠵᠢᠯ ᠤᠨ | ᠦᠢᠯᠡᠴᠢᠯᠡᠭᠡ᠂ ᠵᠠᠬᠢᠶᠠᠯᠠᠵᠤ ᠬᠤᠳᠠᠯᠳᠤᠨ ᠠᠪᠬᠤ ᠶᠢ ᠬᠠᠷᠢᠭᠤᠴᠠᠵᠤ᠂ ᠦ᠋ ᡁᠢ ᠬᠤᠸᠠ ᠨᠢᠭᠡ ᠵᠢᠯ ᠳᠤ 3 ᠲᠦᠮᠡ | ᠭᠠᠷᠤᠢ ᠲᠦᠭᠦᠷᠢᠭ ᠤᠨ ᠤᠷᠤᠯᠭ᠎ᠠ ᠤᠯᠵᠤ ᠪᠠᠶᠢᠨ᠎ᠠ᠃ | ᠢ ᠯᠢ ᠪᠦᠯᠦᠭᠯᠡᠯ ᠭᠠᠵᠠᠷ ᠢ ᠡᠷᠦᠬᠡ ᠳᠤ ᠳᠦᠷᠢᠶᠡᠰᠦᠯᠡᠵᠦ ᠦᠭᠬᠦ᠂ ᠲᠠᠷᠢᠬᠤ ᠶᠢ ᠡᠷᠦᠬᠡ ᠳᠤ | ᠳᠠᠭᠠᠭᠠᠴᠢᠯᠠᠭᠤᠯᠵᠤ ᠦᠭᠬᠦ᠂ ᠠᠵᠢᠯᠴᠢᠨ ᠢ ᠡᠷᠦᠬᠡ ᠳᠤ ᠬᠡᠷᠡᠭᠯᠡᠬᠦᠯᠬᠦ ᠵᠠᠭᠪᠤᠷ ᠢᠶᠠᠷ ᠳᠠᠮᠵᠢᠨ᠂ ᠡᠯᠡᠰᠦᠷᠬᠡᠭ | ᠤᠷᠤᠨ ᠤ ᠦᠷᠭᠡᠨ ᠤᠯᠠᠨ ᠮᠠᠯᠴᠢᠨ ᠲᠠᠷᠢᠶᠠᠴᠢᠨ ᠤ ᠡᠯᠡᠰᠦ ᠶᠢ ᠵᠠᠰᠠᠵᠤ ᠪᠠᠶᠠᠵᠢᠬᠤ ᠶᠢ ᠳᠠᠶᠢᠴᠢᠯᠠᠪᠠ᠃ ᠮᠠᠰᠢ | ᠤᠯᠠᠨ ᠮᠠᠯᠴᠢᠨ ᠲᠠᠷᠢᠶᠠᠴᠢᠨ ᠡᠯᠡᠰᠤᠨ ᠤ ᠠᠵᠤ ᠦᠢᠯᠡᠰ ᠡᠷᠬᠢᠯᠡᠭᠴᠢ᠂ ᠠᠵᠤ ᠦᠢᠯᠡᠰ ᠤᠨ ᠬᠤᠪᠢ | ᠤᠷᠤᠭᠤᠯᠤᠬᠴᠢ᠂ ᠵᠤᠭᠠᠴᠠᠯ ᠤᠨ ᠦᠢᠯᠡᠰ ᠤᠨ ᠪᠠᠭ᠎ᠠ ᠡᠵᠡᠨᠳᠡᠨ᠂ ᠬᠦᠯᠦᠰᠦᠨ ᠠᠵᠢᠯᠴᠢᠨ ᠤ ᠬᠤᠯᠪᠤᠭᠠᠲᠤ | ᠠᠩᠬᠢ ᠶᠢᠨ ᠳᠠᠷᠤᠭ᠎ᠠ᠂ ᠠᠵᠤ ᠦᠢᠯᠡᠰ ᠤᠨ ᠠᠵᠢᠯᠴᠢᠨ᠂ ᠠᠮᠢ ᠠᠬᠤᠢ ᠶᠢᠨ ᠠᠵᠢᠯᠴᠢᠨ᠂ ᠰᠢᠨ᠎ᠡ ᠮᠠᠶ᠋ᠢᠬ ᠤᠨ | ᠮᠠᠯᠴᠢᠨ ᠲᠠᠷᠢᠶᠠᠴᠢᠨ ᠵᠡᠷᠭᠡ ᠰᠢᠨ᠎ᠡ ᠪᠡᠶ᠎ᠡ ᠶᠢᠨ ᠭᠠᠷᠤᠯ ᠲᠠᠢ ᠪᠤᠯᠵᠤ᠂ ᠠᠮᠢᠳᠤᠷᠠᠯ ᠤᠨ ᠶᠠᠰᠤ ᠴᠢᠨᠠᠷ ᠨᠢ ᠡᠳᠦᠷ ᠠᠴᠠ | ᠡᠳᠦᠷ ᠲᠡᠭᠡᠭᠰᠢᠯᠡᠵᠤ ᠰᠠᠶᠢᠵᠢᠷᠠᠵᠤ ᠪᠠᠶᠢᠨ᠎ᠠ᠃ | ᠢ ᠲᠠᠢ ᠪᠦᠯᠦᠭᠯᠡᠯ ᠮᠠᠯᠴᠢᠨ ᠲᠠᠷᠢᠶᠠᠴᠢᠨ ᠢ ᠡᠯᠡᠰᠦᠷᠬᠡᠭᠵᠢᠯ ᠢ ᠵᠠᠰᠠᠬᠤ ᠳᠤ ᠤᠷᠤᠯᠴᠠᠭᠤᠯᠬᠤ ᠳᠤ ᠦᠭᠡᠷ᠎ᠡ | ᠨᠢᠭᠡ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠪᠡ᠃ ᠢ ᠲᠠᠢ ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠢ | ᠰᠢᠩᠭᠡᠭᠡᠨ ᠠᠪᠬᠤ ᠤᠢᠢᠵᠢᠭᠤᠯᠤᠯᠲᠠ ᠶᠢᠨ ᠢᠨᠵᠧᠨᠧᠷᠢᠩ ᠢ ᠬᠦᠴᠦᠯᠡᠨ ᠬᠢᠵᠤ᠂ ᠡᠷᠬᠢᠨ ᠲᠤᠭᠤᠷᠢᠨ ᠤ ᠮᠠᠯᠴᠢᠨ | ᠲᠠᠷᠢᠶᠠᠴᠢᠳ ᠲᠤ ᠶᠡᠭᠡ ᠬᠡᠮᠵᠢᠶᠡᠨ ᠤ ᠡᠯ᠎ᠡ ᠲᠦᠷᠦᠯ ᠤᠨ ᠴᠢᠬᠢ ᠮᠤᠳᠤ ᠶᠢ ᠲᠦᠯᠦᠪᠦᠷᠢ ᠦᠭᠡᠢ ᠪᠠᠷ ᠬᠠᠩᠭᠠᠵᠤ᠂ | ᠮᠠᠯᠴᠢᠨ ᠲᠠᠷᠢᠶᠠᠴᠢᠳ ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠤᠢᠢᠵᠢᠭᠤᠯᠤᠯᠲᠠ ᠬᠢᠵᠤ᠂ | ᠬᠡᠰᠡᠭ ᠤᠷᠤᠯᠭ᠎ᠠ ᠲᠠᠢ ᠪᠤᠯᠪᠠ᠃ ᠤᠢᠢᠵᠢᠭᠤᠯᠤᠬᠰᠠᠨ ᠤᠷᠤᠨ ᠪᠦᠰᠡ ᠳᠠᠬᠢ ᠮᠤᠳᠤ ᠨᠢᠭᠡᠨᠲᠡ ᠤᠯᠤᠰ ᠤᠨ ᠤᠢ | ᠰᠢᠭᠤᠢ ᠶᠢᠨ ᠰᠠᠯᠠᠭ᠎ᠠ ᠮᠦᠴᠢᠷ ᠤᠨ ᠨᠦᠬᠦᠪᠦᠷᠢ ᠤᠯᠭᠤᠬᠤ ᠪᠠᠷᠢᠮᠵᠢᠶ᠎ᠠ ᠳᠤ ᠬᠦᠷᠦᠭᠰᠡᠨ ᠠᠴᠠ᠂ 2013ᠤᠨ ᠠᠴᠠ | ᠮᠠᠯᠴᠢᠨ ᠲᠠᠷᠢᠶᠠᠴᠢᠳ ︽ᠤᠢ ᠮᠤᠳᠤᠨ ᠤ ᠦᠮᠴᠢᠯᠡᠯ ᠤᠨ ᠡᠷᠬᠡ ᠶᠢᠨ ᠦᠨᠡᠮᠯᠡᠯ︾ ᠵᠢᠴᠢ ᠤᠢ | ᠰᠢᠭᠤᠢ ᠵᠢᠨᠨᠦ᠋ᠬᠦᠪᠦᠷᠢ ᠶᠢᠨ ᠤᠷᠤᠯᠭ᠎ᠠ ᠲᠠᠢ ᠪᠤᠯᠪᠠ᠃ ᠢ ᠲᠠᠢ ᠪᠦᠯᠦᠭᠯᠡᠯ ᠤᠨ ᠨᠡᠭᠦᠷᠡᠰᠦᠲᠦ᠋ᠷᠦᠭᠴᠢ ᠶᠢᠨ ᠳᠠᠪᠬᠤᠷ | ᠢᠰᠦᠯ ᠢ ᠰᠢᠩᠭᠡᠭᠡᠨ ᠠᠪᠬᠤ ᠤᠢᠢᠵᠢᠭᠤᠯᠤᠯᠲᠠ ᠶᠢᠨ ᠲᠦᠷᠦᠯ ᠵᠦᠢᠯ ᠤᠯᠠᠮ ᠴᠢᠨᠠᠬᠰᠢᠲᠠ ᠠᠬᠢᠭᠤᠯᠤᠬᠳᠠᠭᠰᠠᠠ | ᠵᠢᠴᠢ ᠡᠷᠬᠢᠨ ᠲᠤᠭᠤᠷᠢᠨ ᠤ ᠠᠮᠢ ᠠᠬᠤᠢ ᠤᠷᠴᠢᠨ ᠲᠤᠭᠤᠷᠢᠨ ᠤ ᠰᠠᠶᠢᠵᠢᠷᠠᠬᠤ ᠶᠢ ᠳᠠᠭᠠᠯᠳᠤᠨ᠂ ᠡᠯᠡᠰᠦᠨ ᠤ | ᠬᠦᠨ ᠳᠤ ᠪᠠᠶᠢᠭ᠎ᠠ ᠮᠠᠯᠴᠢᠨ ᠲᠠᠷᠢᠶᠠᠴᠢᠳ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠳᠤᠬᠢᠷᠠᠭᠤᠯᠤᠨ ᠡᠯ᠎ᠡ | ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠦᠷᠨᠢᠭᠦᠯᠵᠦ᠂ ᠠᠮᠢᠳᠤᠷᠠᠯ ᠤᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠳᠤ ᠨᠠᠶᠢᠳᠠᠪᠤᠷᠢᠲᠠᠢ ᠪᠠᠲᠤᠯᠠᠪᠤᠷᠢ ᠲᠠᠢ ᠪᠤᠯᠪᠠ᠃ | ᠡᠯᠡᠰᠦᠷᠭᠡᠭᠵᠢᠯ ᠢ ᠵᠠᠰᠠᠬᠤ ᠠᠵᠤ ᠦᠢᠯᠡᠰ ᠤᠨ ᠦᠷᠨᠢᠨ ᠬᠦᠭᠵᠢᠬᠦ ᠶᠢ ᠳᠠᠭᠠᠯᠳᠤᠨ᠂ ᠡᠯᠡᠰᠦᠷᠬᠡᠭ ᠤᠷᠤᠨ ᠤ | ᠮᠠᠰᠢ ᠤᠯᠠᠨ ᠮᠠᠯᠴᠢᠨ ᠲᠠᠷᠢᠶᠠᠴᠢᠨ ᠭᠡᠷ ᠪᠦᠯᠢ ᠶᠢᠨ ᠠᠶᠠᠨᠴᠢᠨ ᠤ ᠪᠠᠭᠤᠳᠠᠯ᠂ ᠢᠳᠡᠭᠡᠨ ᠤᠮᠳᠠᠭᠠᠨ᠂ | ᠦᠨᠳᠦᠰᠦᠲᠡᠨ ᠤ ᠭᠠᠷ ᠦᠢᠯᠡᠳᠪᠦᠷᠢ᠂ ᠡᠯᠡᠰᠦᠨ ᠳᠤ ᠬᠡᠭᠡᠷᠡᠯᠡᠨ ᠲᠠᠪᠬᠢᠬᠤ ᠵᠡᠷᠭᠡ ᠦᠢᠯᠡᠴᠢᠯᠡᠭᠡᠨ ᠤ ᠦᠢᠯᠡᠰ ᠲᠤ | ᠤᠷᠤᠯᠴᠠᠵᠤ᠂ ᠵᠠᠷᠢᠮ ᠭᠡᠷ ᠪᠦᠯᠢ ᠶᠢᠨ ᠬᠢᠨ ᠵᠢᠯ ᠤᠨ ᠤᠷᠤᠯᠭ᠎ᠠ 10 ᠭᠠᠷᠤᠢ ᠲᠦᠮᠡᠨ ᠲᠦᠭᠦᠷᠢᠭ ᠲᠤ ᠬᠦᠷᠪᠡ᠃ | ᠠᠵᠤ ᠦᠢᠯᠡᠰ ᠬᠦᠭᠵᠢᠭᠰᠡᠡ ᠠᠴᠠ ᠠᠵᠢᠯ ᠤᠯᠭᠤᠯᠲᠠ ᠶᠢᠨ ᠠᠵᠠ ᠳᠤᠬᠢᠶᠠᠯ ᠨᠡᠮᠡᠭᠳᠡᠵᠦ᠂ ᠦᠯᠡᠮᠵᠢ ᠤᠯᠠᠨ | ᠮᠠᠯᠴᠢᠨ ᠲᠠᠷᠢᠶᠠᠴᠢᠨ ᠤ ᠦᠷ᠎ᠡ ᠬᠡᠤᠬᠡᠳ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠨᠤᠲᠤᠬ ᠲᠠᠭᠠᠨ | ᠪᠤᠴᠠᠨ ᠠᠵᠢᠯᠯᠠᠵᠤ ᠦᠢᠯᠡᠰ ᠪᠤᠰᠬᠠᠬᠤ ᠪᠤᠯᠵᠤ᠂ ᠭᠠᠳᠠᠬᠰᠢ ᠭᠠᠷᠴᠤ ᠠᠵᠢᠯ ᠬᠢᠵᠦ ᠪᠠᠶᠢᠬᠰᠠᠨ ᠮᠠᠯᠴᠢᠨ | ᠲᠠᠷᠢᠶᠠᠴᠢᠳ ᠴᠤ ᠪᠦᠷ ᠨᠤᠲᠤᠬ ᠲᠠᠭᠠᠨ ᠬᠠᠷᠢᠵᠤ ᠢᠷᠡᠨ᠂ ᠬᠢᠬᠦ ᠠᠵᠢᠯ ᠲᠠᠢ᠂ ᠤᠯᠬᠤ ᠵᠤᠭᠤᠰ ᠲᠠᠢ ᠪᠤᠯᠪᠠ᠃ | 7 ᠰᠠᠷ᠎ᠡ ᠶᠢᠨ ᠬᠦᠪᠴᠢ ᠶᠢᠨ ᠡᠯᠡᠰᠤ ᠶᠢᠨ ᠬᠦᠨ ᠳᠤ᠂ ᠲᠤᠩᠭᠠᠯᠠᠭ ᠡᠳᠦᠷ ᠪᠤᠯ ᠬᠠᠯᠠᠭᠤᠨ ᠨᠡᠷᠨ ᠵᠤᠯᠠᠢ | ᠲᠡᠭᠡᠷ᠎ᠡ ᠡᠴᠠᠲ᠋ᠦ᠋ᠭᠡᠨᠡᠵᠤ ᠯᠡ ᠪᠠᠶᠢᠳᠠᠭ᠃ ᠬᠠᠨᠭ᠍ᠭᠢᠨ ᠬᠤᠰᠢᠭᠤᠨ ᠤ ᠡᠯᠡᠰᠤ ᠶᠢ ᠲᠤᠭᠤᠯᠤᠭᠰᠠᠠ ᠵᠠᠰᠠᠮᠡᠯ ᠵᠠᠮ ᠤᠨ | ᠦᠡᠭᠭᠡᠷᠡᠭᠰᠡᠨ ᠲᠤᠭᠤᠢᠢᠳᠠᠯᠡ ᠪᠠᠯᠭᠠᠰᠤᠨ ᠤ ᠰᠢᠷ᠎ᠡ ᠵᠤᠤ ᠭᠠᠴᠠᠭ᠎ᠠ ᠳᠤ᠂ 62 ᠨᠠᠰᠤ ᠲᠠᠢ ᠮᠠᠯᠴᠢᠨ ᠪᠠᠶᠠᠨᠳᠤᠷᠵᠢ | ᠰᠤᠷᠪᠤᠯᠵᠢᠯᠠᠬᠴᠢ ᠳᠤ ᠲᠡᠬᠦᠨ ᠤ ᠡᠯᠡᠰᠤᠷᠭᠡᠭᠵᠢᠯ ᠢ ᠵᠠᠰᠠᠬᠰᠡᠨ ᠦᠯᠢᠭᠡᠷ ᠢᠶᠠᠨ ᠶᠠᠷᠢᠪᠠ᠃ | 1983 ᠤᠨ ᠳᠤ᠂ ᠪᠠᠶᠠᠨᠳᠤᠷᠵᠢ ᠴᠡᠷᠢᠭ ᠠᠴᠠ ᠬᠠᠯᠠᠬᠳᠠᠵᠤ᠂ ᠨᠤᠳᠤᠭ ᠤᠨ ᠬᠢᠨ ᠮᠠᠯᠴᠢᠳ ᠢ | ᠡᠯᠡᠰᠤᠷᠭᠡᠭᠵᠢᠯ ᠢ ᠵᠠᠰᠠᠬᠤ ᠶᠢ ᠵᠤᠷᠢᠬᠵᠢᠭᠤᠯᠵᠤ ᠪᠠᠶᠢᠬᠤ ᠶᠢ ᠦᠵᠡᠭᠡᠳ ᠬᠤᠳᠠ ᠳᠤ ᠦᠯᠡᠳᠡᠵᠤ ᠠᠵᠢᠯᠯᠠᠬᠤ | ᠲᠤᠬᠢᠶᠠᠯ ᠢᠶᠠᠨ ᠬᠠᠶᠠᠵᠤ ᠰᠢᠷ᠎ᠡ ᠵᠤᠤ ᠳᠠᠭᠠᠨ ᠪᠤᠴᠠᠨᠡᠯᠡᠰᠤᠷᠭᠡᠭᠵᠢᠯ ᠢ ᠵᠠᠰᠠᠪᠠ᠃ ᠲᠡᠷᠨ ᠦᠪᠡᠷ ᠤᠨ ᠭᠡᠷ ᠤᠨ ᠢᠶᠠᠨ | 9000 ᠰᠢᠬᠠᠮ ᠮᠤ᠋ ᠨᠤᠳᠤᠭ ᠪᠡᠯᠴᠢᠭᠡᠷ ᠲᠡᠭᠡᠨ ᠵᠢᠭᠳᠡ ᠮᠤᠳᠤ᠂ ᠨᠠᠶᠢᠯᠵᠠᠭᠤᠷ ᠬᠠᠷᠭᠠᠨᠡ᠂ ᠲᠤᠷᠤᠭ ᠲᠠᠷᠪᠡᠯᠵᠢ | ᠵᠡᠷᠭᠡ ᠡᠯᠡᠰᠤᠨ ᠤ ᠤᠷᠭᠤᠮᠠᠯ ᠲᠡᠷᠢᠵᠤ᠂ ᠪᠠᠰᠠ ᠶᠡᠭᠡ ᠬᠡᠮᠵᠢᠶᠠᠨ ᠤ ᠰᠢᠬᠢᠷ ᠡᠪᠡᠰᠤ ᠲᠡᠷᠢᠪᠠ᠃ ᠬᠠᠳᠠᠭᠤᠵᠢᠯᠳᠠᠢ | ᠴᠢᠷᠮᠠᠶᠢᠯᠭ᠎ᠠ ᠪᠠᠷ ᠲᠠᠮᠵᠢᠭᠠᠳ ᠤᠤᠯ ᠳᠠᠭᠠᠨ ᠨᠢᠭᠡᠨᠲᠡ ᠮᠠᠭᠤᠳᠠᠭᠠᠳ ᠪᠠᠶᠢᠭᠰᠠᠠ ᠪᠡᠯᠴᠢᠭᠡᠷ ᠪᠦᠷ ᠨᠤᠭᠤᠭᠠᠷᠠᠵᠤ | ᠢᠯᠡ ᠡᠯᠡᠰᠤ ᠠᠯᠠᠭ᠎ᠠ ᠪᠤᠯᠵᠤ᠂ ᠠᠮᠢ ᠠᠬᠤᠢ ᠰᠠᠶᠢᠵᠢᠷᠠᠪᠠ᠃ ᠡᠳᠦᠭᠡ ᠲᠡᠷᠨ 400 ᠭᠠᠷᠤᠢ ᠬᠤᠨᠢ ᠲᠠᠵᠢᠭᠡᠵᠤ᠂ | ᠬᠤᠷᠠᠭ᠎ᠠ᠂ ᠨᠤᠤᠯᠤᠭᠤᠷ᠂ ᠨᠤᠤᠰᠤ ᠪᠠᠨ ᠬᠤᠳᠠᠯᠳᠤᠵᠤ ᠨᠢᠭᠡ ᠪᠦᠯᠦᠭ ᠤᠷᠤᠯᠭ᠎ᠠ ᠤᠯᠳᠠᠭ᠃ ᠨᠠᠶᠢᠯᠵᠠᠭᠤᠷ | ᠬᠠᠷᠭᠠᠨᠡ᠂ ᠡᠯᠡᠰᠤᠨ ᠪᠤᠷᠭᠠᠰᠤ ᠬᠤᠳᠠᠯᠳᠤᠵᠤ ᠪᠠᠰᠠ ᠨᠢᠭᠡ ᠪᠦᠯᠦᠭ ᠤᠷᠤᠯᠭ᠎ᠠ ᠤᠯᠳᠠᠭ᠃ ᠡᠬᠦᠨ ᠤ ᠲᠡᠭᠡᠷ᠎ᠡ | ᠰᠡᠯᠬᠦᠨ ᠮᠠᠯᠵᠢᠬᠤ ᠨᠦᠬᠦᠪᠤᠷᠢ ᠪᠤᠯᠤᠨ ᠨᠡᠶᠢᠳᠠ ᠶᠢᠨ ᠠᠰᠠᠷᠠᠮᠵᠢ ᠶᠢᠨ ᠤᠢ ᠶᠢᠨ ᠨᠦᠬᠦᠪᠤᠷᠢ ᠵᠡᠷᠭᠡ ᠪᠠᠨ ᠨᠠᠮᠠᠭᠡᠳ | ᠵᠢᠯ ᠤᠨ ᠤᠷᠤᠯᠭ᠎ᠠ 20 ᠭᠠᠷᠤᠢ ᠲᠦᠮᠡᠨ ᠲᠦᠬᠦᠷᠢᠭ ᠲᠤ ᠬᠦᠷᠳᠡᠭ᠃ ᠤᠷᠭᠤᠭᠠᠳ 4 ᠵᠢᠯ ᠪᠤᠯᠵᠤ ᠪᠠᠶᠢᠭ᠎ᠠ | ᠰᠢᠬᠢᠷ ᠡᠪᠡᠰᠤ ᠨᠢ ᠲᠡᠳᠡᠨ ᠤ ︽ᠨᠤᠭᠤᠭᠠᠨ ᠪᠠᠩᠭᠢ︾ ᠪᠤᠯᠪᠠ᠃ ᠭᠡᠪᠡᠴᠤ᠂ ᠭᠠᠭᠴᠠ ᠬᠦ ᠵᠤᠭᠤᠰ ᠭᠡᠷᠡᠭᠯᠡᠬᠦ | ᠱᠠᠭᠠᠷᠳᠠᠯᠭ᠎ᠠ ᠲᠠᠢ ᠪᠤᠯᠬᠤ ᠪᠤᠶᠤ ᠰᠢᠬᠢᠷ ᠡᠪᠡᠰᠤ ᠶᠢᠨ ᠦᠨ᠎ᠡ ᠬᠠᠨᠭ᠍ᠰᠢ ᠰᠠᠶᠢᠨ ᠪᠠᠶᠢᠳᠠᠯ ᠲᠤᠤᠷ᠎ᠡ ᠲᠡᠷᠨ ᠰᠠᠶᠢ | ᠰᠢᠬᠢᠷ ᠡᠪᠡᠰᠤ ᠪᠠᠨ ᠮᠠᠯᠳᠠᠳᠠᠭ ᠠᠵᠢ᠃ | ᠤᠷᠳᠤᠰ ᠬᠤᠳᠠ ᠶᠢᠨ ᠤᠢ ᠰᠢᠭᠤᠢ ᠶᠢᠨ ᠲᠤᠪᠴᠢᠶ᠎ᠡ ᠶᠢᠨ ᠲᠠᠷᠤᠭ᠎ᠠ ᠬᠠᠨ ᠢᠦᠢ ᠹᠸᠢ᠂ ᠡᠯᠡᠰᠤᠷᠬᠡᠭ | ᠤᠷᠤᠨ ᠤ ᠠᠷᠠᠳ ᠲᠦᠮᠡᠨ ᠪᠤᠯᠤᠨ ᠡᠯᠡᠰᠤᠷᠭᠡᠭᠵᠢᠯ ᠢ ᠵᠠᠰᠠᠬᠤ ᠠᠵᠤ ᠠᠬᠤᠢᠢᠯᠡᠯ ᠪᠤᠯ ᠬᠦᠪᠴᠢ ᠶᠢᠨ ᠡᠯᠡᠰᠤ ᠶᠢ | ᠵᠠᠰᠠᠬᠤ ᠦᠢᠯᠡᠰ ᠤᠨ ᠬᠠᠮᠤᠭ ᠤᠨ ᠦᠷᠭᠡᠨ ᠲᠠᠯᠭᠡᠷ ᠤᠷᠤᠯᠴᠠᠬᠴᠢ᠂ ᠬᠠᠮᠤᠭ ᠤᠨ ᠡᠷᠡᠰ ᠪᠠᠳᠤ ᠲᠡᠮᠵᠢᠭᠴᠢ ᠪᠤᠯᠤᠨ | ᠬᠠᠮᠤᠭ ᠤᠨ ᠶᠡᠭᠡ ᠠᠰᠢᠭ ᠬᠦᠷᠳᠡᠭᠴᠢ ᠮᠦᠨ᠃ ᠠᠵᠤ ᠠᠬᠤᠢᠢᠯᠡᠯ ᠠᠵᠤ ᠦᠢᠯᠡᠰᠵᠢᠭᠦᠯᠦᠭᠰᠡᠡ ᠪᠡᠯᠡ | ᠤᠷᠤᠭᠤᠯᠤᠯᠳᠠ ᠪᠠᠷ ᠢᠶᠠᠨ ᠠᠰᠢᠭ ᠬᠦᠷᠳᠡᠵᠤ᠂ ᠠᠮᠢ ᠠᠬᠤᠢ ᠶᠢᠨ ᠵᠠᠰᠠᠯᠳᠠ ᠵᠢᠨᠦᠷᠬᠦᠯᠵᠢᠯᠡᠬᠦ ᠴᠢᠨᠠᠷᠲᠠᠢ | ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠪᠠ᠃ ᠤᠳᠤ᠂ ᠤᠯᠠᠮ ᠠᠴᠠ ᠤᠯᠠᠨ ᠬᠦᠮᠦᠨ ᠡᠯᠡᠰᠤᠷᠭᠡᠭᠵᠢᠯ ᠢ ᠵᠠᠰᠠᠬᠤ | ᠲᠤᠮᠳᠠ ᠠᠴᠠ ᠬᠤᠳᠠᠯᠳᠤᠭᠠᠨ ᠤ ᠲᠤᠬᠢᠶᠠᠯ ᠡᠷᠢᠵᠤ᠂ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠵᠤ ᠪᠠᠶᠢᠨ᠎ᠡ᠃ | ᠮᠠᠯᠴᠢᠨ ᠲᠠᠷᠢᠶᠠᠴᠢᠳ ᠵᠠᠬ᠎ᠠ ᠲᠠᠯᠭᠡᠬᠦᠷᠴᠢᠯᠡᠨ ᠤᠷᠤᠯᠴᠠᠵᠤ᠂ ᠠᠵᠤ ᠦᠢᠯᠡᠰ ᠤᠨ ᠬᠦᠭᠵᠢᠯᠳᠠ ᠲᠤᠮᠳᠠ ᠠᠴᠠ | ᠲᠤᠬᠳᠠᠭᠤᠨ ᠤᠷᠤᠯᠭ᠎ᠠ ᠤᠯᠵᠤ᠂ ᠡᠯᠡᠰᠤᠷᠭᠡᠭᠵᠢᠯ ᠢ ᠵᠠᠰᠠᠬᠤ ᠡᠷᠡᠰ ᠵᠤᠷᠢᠭ ᠢᠶᠠᠨ ᠨᠡᠩ ᠪᠠᠳᠤ ᠴᠢᠩᠭ᠎ᠠ ᠪᠤᠯᠭᠠᠪᠠ | ᠭᠡᠵᠤ ᠬᠦᠨ ᠲᠦᠷᠦᠭᠳᠡᠯ ᠲᠠᠢ ᠬᠡᠯᠡᠪᠡ᠃ | ᠤᠷᠳᠤᠰ ᠬᠤᠳᠠ ᠶᠢᠨ ᠲᠠᠳ᠋ ᠬᠤᠳᠠ ᠶᠢᠨ ᠲᠠᠷᠤᠭ᠎ᠠ ᠱᠢ ᠶᠠᠨ ᠵᠢᠶᠧ ᠤᠨ ᠦᠵᠡᠬᠦ ᠪᠠᠷ᠂ ᠬᠦᠪᠴᠢ ᠶᠢᠨ | ᠡᠯᠡᠰᠤ ᠶᠢ ᠵᠠᠰᠠᠬᠰᠡᠨ ᠲᠤᠷᠰᠢᠯᠭ᠎ᠠ ᠪᠤᠯ ᠨᠠᠮ ᠤᠨ ᠬᠤᠷᠢᠶ᠎ᠡ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ | ᠴᠢᠨᠠᠷᠳᠠᠢ ᠲᠠᠮᠵᠢᠯᠭᠡ᠂ ᠠᠵᠤ ᠠᠬᠤᠢᠢᠯᠡᠯ ᠤᠨ ᠠᠵᠤ ᠦᠢᠯᠡᠰᠵᠢᠬᠦᠯᠦᠨ ᠪᠡᠯᠡ ᠤᠷᠤᠭᠤᠯᠬᠤ᠂ ᠮᠠᠯᠴᠢᠨ ᠲᠠᠷᠢᠶᠠᠴᠢᠳ | ᠵᠠᠬ᠎ᠠ ᠲᠠᠯᠭᠡᠬᠦᠷᠴᠢᠯᠡᠨ ᠤᠷᠤᠯᠴᠠᠬᠤ ᠡᠨᠡ ᠭᠤᠷᠪᠡᠨ ᠲᠠᠯ᠎ᠡ ᠶᠢᠨ ᠬᠦᠴᠦᠨ ᠤ ᠨᠡᠶᠢᠯᠡᠯ ᠪᠠᠶᠢᠵᠤ᠂ ᠡᠬᠦᠨ ᠤ ᠬᠠᠮᠳᠤ | ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠬᠦᠯᠵᠤ᠂ ᠠᠮᠢ ᠠᠬᠤᠢ᠂ ᠠᠵᠤ ᠦᠢᠯᠡᠰ᠂ ᠠᠷᠠᠳ ᠤᠨ | ᠠᠮᠢᠳᠤᠷᠠᠯ ᠲᠠᠩᠴᠡᠬᠦᠷᠢ ᠲᠠᠢ ᠬᠦᠭᠵᠢᠬᠦ ᠶᠢ ᠪᠡᠶᠠᠯᠠᠬᠦᠯᠵᠠᠢ᠃ | ᠨᠡᠯᠦᠭᠡᠷ ᠶᠡᠭᠡ ᠡᠯᠡᠰᠤ᠂ ᠵᠠᠰᠠᠬᠤ ᠦᠭᠡᠢ ᠪᠤᠯ ᠭᠠᠮᠰᠢᠭ ᠲᠠᠷᠢᠨ᠎ᠡ᠂ ᠵᠠᠰᠠᠪᠡᠯ ᠲᠡᠭᠦᠨ ᠠᠴᠠ ᠠᠰᠢᠭ | ᠬᠦᠷᠳᠡᠨ᠎ᠡ︔ ᠵᠠᠰᠠᠬᠤ ᠦᠭᠡᠢ ᠪᠤᠯ ᠡᠯᠡᠰᠤ ᠯᠡ ᠲᠡᠳᠦᠢ᠂ ᠵᠠᠰᠠᠪᠡᠯ ᠠᠯᠳᠠ ᠪᠤᠯᠵᠤ ᠬᠤᠪᠢᠷᠠᠨ᠎ᠠ᠃ ᠬᠦᠪᠴᠢ ᠶᠢᠨ | ᠡᠯᠡᠰᠤᠨ ᠲᠠᠯᠠᠢ ᠲᠤᠮᠳᠠ᠂ ᠬᠦᠮᠦᠰ ᠭᠡᠳᠤᠨ ᠠᠷᠪᠡᠨ ᠵᠢᠯ ᠬᠠᠳᠠᠭᠤᠵᠢᠯᠳᠠᠢ ᠲᠠᠮᠠᠴᠡᠵᠤ᠂ ᠠᠰᠢᠭ ᠬᠤᠤᠷ ᠢ | ᠤᠯᠠᠷᠢᠭᠤᠯᠬᠤ ᠠᠷᠭ᠎ᠠ ᠶᠢ ᠡᠷᠢᠨ ᠤᠯᠵᠤ᠂ ᠰᠠᠯᠬᠢ ᠡᠯᠡᠰᠤ ᠲᠠᠬᠢᠨ ᠵᠢᠯᠤᠭᠤ ᠵᠤᠳᠤᠭ ᠦᠭᠡᠢ ᠶᠠᠭᠤᠮ᠎ᠠ ᠪᠢᠰᠢ ᠪᠤᠯᠵᠤ | ᠂ ᠡᠯᠡᠰᠤ ᠮᠠᠩᠬ᠎ᠠ ᠬᠦᠭᠡᠷᠡᠨ ᠨᠤᠭᠤᠭᠠᠷᠠᠵᠤ᠂ ᠠᠵᠤ ᠠᠬᠤᠢᠢᠯᠡᠯ ᠬᠦᠴᠦᠷᠭᠡᠭᠵᠢᠵᠤ᠂ ᠠᠷᠠᠳ ᠢᠷᠭᠡᠳ ᠪᠠᠶᠠᠵᠢᠨ | ᠴᠢᠨᠡᠭᠡᠯᠢᠭᠵᠢᠪᠠ᠃ ᠨᠤᠭᠤᠭᠠᠷᠠᠭᠤᠯᠬᠤ ᠪᠠᠶᠠᠵᠢᠬᠤ ᠶᠢ ᠵᠡᠷᠭᠡ ᠪᠠᠷ ᠪᠡᠶᠡᠯᠡᠬᠦᠯᠬᠦ ᠨᠢ ᠬᠦᠪᠴᠢ ᠶᠢᠨ ᠬᠦᠭᠵᠢᠯᠳᠠ ᠶᠢᠨ | ᠠᠮᠢᠳᠤᠯᠢᠭ ᠵᠢᠷᠤᠬᠯᠡᠯ ᠪᠤᠯᠪᠠ᠃ | | |