ᠤᠶᠢᠷ᠎ᠠ ᠶᠢᠨ ᠵᠢᠯ ᠳᠤ ᠮᠠᠨ ᠤ ᠬᠤᠰᠢᠭᠤ ᠬᠦᠯ ᠪᠦᠮᠪᠣᠭᠡᠨ ᠤ ᠰᠠᠭᠤᠷᠢ ᠲᠦᠬᠦᠭᠡᠷᠦᠮᠵᠢ ᠪᠠᠨ ᠲᠠᠰᠤᠷᠠᠯᠳᠠ | ᠦᠭᠡᠢ ᠰᠠᠶᠢᠵᠢᠷᠠᠭᠤᠯᠣᠨ ᠪᠠᠷᠢᠮᠵᠢᠶᠠᠳᠤ ᠬᠥᠯ ᠪᠦᠮᠪᠦᠭᠡᠨ ᠲᠠᠯᠠᠪᠤᠷ ᠢ ᠰᠢᠨ᠎ᠠ ᠪᠠᠷ ᠪᠠᠶᠢᠭᠤᠯᠤᠭᠰᠠᠨ ᠠᠴᠠ ᠬᠦᠯ | ᠪᠦᠮᠪᠦᠭᠡ ᠨᠠᠭᠠᠳᠬᠤ ᠳᠤ ᠣᠬᠢ ᠰᠠᠶᠢᠨ ᠨᠦᠭᠦᠴᠡᠯ ᠬᠠᠨᠭ᠍ᠭᠠᠵᠣ ᠬᠦᠯ ᠪᠦᠮᠪᠣᠭᠡᠨ ᠤ ᠳᠣᠷ᠎ᠠ ᠪᠠᠭ᠋ᠠᠳᠠᠳ ᠤᠨ ᠣᠷᠮ᠎ᠠ | ᠪᠠᠬ᠎ᠠ ᠶᠢ ᠬᠦᠭᠵᠢᠬᠡᠨ ᠪᠠᠳᠠᠷᠠᠭᠠᠵᠣ ᠬᠦᠯ ᠪᠦᠮᠪᠣᠭᠡᠨ ᠤ ᠣᠶᠢᠯᠡᠰ ᠢ ᠬᠦᠭᠵᠢᠬᠦᠯᠵᠣ ᠪᠠᠶᠢᠨ᠎ᠠ᠃ ᠤᠳᠤᠬᠠᠨ ᠳᠤ | ᠪᠦᠬᠦ ᠬᠤᠰᠢᠭᠤᠨ ᠳᠤ ᠪᠠᠷᠢᠮᠵᠢᠶᠠᠳᠤ ᠬᠥᠯ ᠪᠦᠮᠪᠦᠭᠡᠨ ᠲᠠᠯᠠᠪᠤᠷ 20 ᠭᠠᠷᠤᠢ ᠪᠤᠢ᠃ | ᠬᠤᠰᠢᠭᠤ ᠪᠡᠶ᠎ᠡ ᠲᠡᠮᠢᠷ ᠤᠨ ᠤᠶᠢᠯᠡᠰ ᠤᠨ ᠬᠦᠭᠵᠢᠭᠦᠯᠥᠯᠳᠡ ᠶᠢᠨ ᠲᠦᠪ ᠪᠠ ᠬᠦᠯ ᠪᠦᠮᠪᠦᠭᠡᠴᠢᠳ ᠤᠨ | ᠨᠡᠶᠢᠬᠡᠮᠯᠢᠭ ᠨᠢ ᠵᠢᠯ ᠪᠦᠷᠢ ᠬᠡᠲᠦᠨ ᠤᠳᠠᠭᠠᠨ ᠤ ᠬᠦᠯ ᠪᠦᠮᠪᠦᠭᠡᠨ ᠤ ᠤᠷᠤᠯᠳᠤᠭᠠᠨ ᠢ ᠵᠤᠬᠢᠶᠠᠨ ᠪᠠᠶᠢᠭᠤᠯᠤᠨ | ᠦᠷᠨᠢᠬᠦᠯᠵᠤ ᠪᠥᠭᠦ ᠬᠤᠰᠢᠭᠤᠨ ᠤ ᠬᠥᠯ ᠪᠦᠮᠪᠦᠭᠡᠨ ᠪᠠᠭ᠋ᠠᠳᠠᠳ ᠤᠨ ᠤᠷᠮᠠᠰᠢᠯ ᠢ ᠬᠦᠭᠵᠢᠭᠡᠨ ᠤᠷ᠎ᠠ ᠴᠢᠳᠠᠪᠤᠷᠢ ᠶᠢ | ᠲᠡᠭᠡᠭᠰᠢᠯᠡᠬᠦᠯᠵᠤ ᠬᠠᠷᠢᠯᠴᠠᠨ ᠰᠤᠷᠤᠯᠴᠠᠵᠤ ᠲᠤᠷᠰᠢᠯᠭ᠎ᠠ ᠪᠠᠨ ᠰᠤᠯᠢᠯᠴᠠᠬᠤ ᠲᠠᠪᠴᠠᠩ ᠢ ᠬᠠᠩᠭᠠᠵᠤ ᠪᠠᠶᠢᠨ᠎ᠠ᠃ | ᠡᠭᠦᠨ ᠤ ᠬᠠᠮᠲᠤ ᠰᠤᠷᠭᠠᠭᠤᠯᠢ ᠶᠢᠨ ᠬᠦᠷᠢᠶᠠᠨ ᠤ ᠬᠥᠯ ᠪᠦᠮᠪᠦᠭᠡᠨ ᠬᠦᠭᠵᠢᠯᠳᠡ ᠶᠢ ᠠᠬᠢᠭᠤᠯᠬᠤ ᠪᠠᠷ ᠲᠤᠰᠬᠠᠢ | ᠮᠠᠷᠭᠡᠵᠢᠯ ᠤᠨ ᠪᠠᠭᠰᠢ ᠪᠠᠷ ᠵᠢᠭᠠᠨ ᠵᠢᠯᠤᠭᠤᠳᠤᠯᠭ᠎ᠠ ᠬᠢᠯᠭᠡᠵᠤ ᠰᠢᠯᠢᠳᠡᠭ ᠬᠦᠯ ᠪᠦᠮᠪᠦᠭᠡᠴᠢᠨ ᠢ ᠬᠦᠮᠣᠵᠢᠭᠦᠯᠵᠤ | ᠪᠠᠶᠢᠨ᠎ᠠ᠃ |