ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠤ ᠬᠦᠩᠭᠡᠵᠢᠯ ᠤᠨ ᠠᠵᠢᠯ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠳᠤ ᠱᠠᠭᠠᠷᠳᠠᠨ ᠪᠠᠶᠢᠴᠠᠭᠠᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-08-09
     
     8 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠬᠥᠩᠭᠡᠵᠢᠯ ᠤᠨ ᠵᠥᠪᠯᠡᠯ ᠤᠨ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠤᠯᠠᠭᠠᠨ ᠨᠠᠷ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠵᠦ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠠᠷᠢᠭᠤᠴᠠᠯᠭᠠᠲᠠᠨ ᠰᠠᠭᠤᠳᠠᠯ ᠤᠨ ᠬᠤᠷᠠᠯ  ᠳᠤ ᠣᠷᠣᠯᠴᠠᠪᠠ᠃
     ᠱᠠᠭᠠᠷᠳᠠᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠯᠠᠭᠠᠨᠲᠣᠯᠣᠭᠠᠢ ᠪᠠᠯᠭᠠᠰᠤᠨ ᠤ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤ ᠮᠣᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠬᠦᠷᠴᠤ ᠵᠡᠭᠦᠦ ᠲᠥᠭᠡᠨᠡᠯᠭᠡ ᠢᠯᠢᠵᠦ ᠪᠠᠷᠢᠬᠤ᠂ ᠨᠡᠷᠡᠲᠦ ᠡᠮᠴᠢ ᠶᠢᠨ ᠡᠮᠴᠢᠯᠡᠭᠡ᠂ ᠡᠪᠡᠳᠴᠢᠲᠡᠨ ᠤ ᠭᠡᠷ ᠢᠶᠠᠷ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶᠠᠨ ᠤ ᠦᠨᠳᠦᠰᠦᠨ ᠨᠥᠬᠦᠴᠡᠯ᠂ ᠲᠤᠬᠠᠶᠢᠯᠠᠭᠰᠠᠨ ᠠᠵᠢᠯ ᠤᠨ ᠥᠷᠨᠢᠭᠦᠯᠦᠭᠳᠡᠵᠦ ᠪᠠᠶᠢᠭ᠎ᠠ ᠪᠠᠶᠢᠳᠠᠯ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠᠨ ᠠᠴᠠ ᠲᠠᠶᠢᠯᠬᠤ ᠠᠵᠢᠯ ᠤᠨ ᠪᠠᠶᠢᠳᠠᠯ ᠵᠡᠷᠭᠡ ᠲᠠᠯ᠎ᠠ ᠪᠠᠷ ᠨᠠᠷᠢᠯᠢᠭ ᠣᠶᠢᠯᠠᠭᠠᠭᠰᠠᠨ ᠤ ᠬᠠᠮᠲᠤ ᠥᠨᠳᠥᠷ ᠦᠨᠡᠯᠡᠯᠲᠡ ᠥᠭᠭᠦᠭᠰᠡᠨ ᠪᠠᠶᠢᠨ᠎ᠠ᠃      
           ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ ᠬᠤᠰᠢᠭᠤ ᠳᠡᠳ᠋ ᠳᠠᠷᠤᠭ᠎ᠠ ᠪᠠᠶᠠᠨᠴᠢᠮᠡᠭ ᠠᠴᠠ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠪᠣᠯᠣᠨ 2018 ᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠬᠥᠩᠭᠡᠵᠢᠯ ᠤᠨ ᠭᠤᠣᠯᠳᠠᠯᠭ᠎ᠠ ᠲᠠᠢ ᠠᠵᠢᠯ ᠳᠤ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠬᠡᠷᠬᠢᠨ ᠲᠦᠯᠬᠢᠨ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠭᠰᠠᠨ ᠪᠠᠶᠢᠨ᠎ᠠ᠃      ᠱᠠᠭᠠᠷᠳᠠᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠳᠤ ᠬᠠᠨᠤᠮᠵᠢᠲᠠᠢ ᠪᠠᠶᠢᠬᠤ ᠪᠠᠨ ᠢᠯᠡᠷᠬᠡᠶᠢᠯᠡᠭᠰᠡᠨ ᠤ ᠬᠠᠮᠲᠤ ᠥᠨᠳᠥᠷ ᠦᠨᠡᠯᠡᠯᠲᠡ ᠥᠭᠭᠦᠭᠰᠡᠨ ᠪᠠᠶᠢᠨ᠎ᠠ᠃ ᠱᠠᠭᠠᠷᠳᠠᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠵᠢᠭᠠᠬᠤ ᠳᠠᠭᠠᠨ᠂ ᠦᠦᠰᠢᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠤᠯᠠᠭᠠᠨᠲᠣᠯᠣᠭᠠᠢ ᠪᠠᠯᠭᠠᠰᠤᠨ ᠤ ᠭᠤᠣᠯᠳᠠᠯᠭᠠᠲᠤ ᠡᠷᠭᠦᠯ ᠬᠠᠮᠠᠭᠠᠯᠠᠯ ᠤᠨ ᠬᠤᠷᠢᠶ᠎ᠠ ᠪᠠᠷ ᠲᠣᠭᠤᠷᠢᠨ ᠦᠵᠡᠬᠦ ᠪᠠᠷ ᠳᠠᠮᠵᠢᠭᠠᠳ ᠦᠦᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠠᠭᠤᠷᠢ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠰᠠᠶᠢᠨ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠪᠣᠳᠠᠲᠠᠢ ᠣᠷᠣᠨᠵᠢᠭᠤᠯᠤᠭᠰᠠᠨ ᠢ ᠣᠯᠵᠤ ᠬᠠᠷᠠᠯ᠎ᠠ ᠭᠡᠵᠡᠢ ᠃ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠣᠳᠣᠬᠠᠨ ᠤ ᠪᠠᠶᠢᠳᠠᠯ ᠳᠤ ᠴᠢᠭᠯᠡᠭᠦᠯᠦᠨ ᠱᠠᠭᠠᠷᠳᠠᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠱᠠᠭᠠᠷᠳᠠᠬᠤ ᠳᠠᠭᠠᠨ᠂ ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠤᠨ᠂ ᠢᠳᠡᠪᠬᠢᠲᠡᠢ ᠬᠠᠶᠢᠨ ᠰᠦᠪᠡᠭᠴᠢᠯᠡᠯᠲᠡ ᠬᠢᠵᠦ᠂ ᠦᠨᠳᠦᠰᠦᠲᠡᠨ ᠤ ᠡᠮ ᠡᠮᠨᠡᠯᠭᠡ ᠶᠢ ᠥᠷᠭᠡᠨ ᠣᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠡᠷᠡᠭᠲᠡᠢ᠃ ᠡᠷᠡᠭᠦᠯ ᠬᠠᠮᠠᠭᠠᠯᠠᠯ ᠲᠥᠯᠥᠪᠯᠡᠭᠡᠲᠦ ᠬᠥᠩᠭᠡᠵᠢᠯ ᠤᠨ ᠠᠵᠢᠯ ᠳᠠᠬᠢ ᠳᠡᠮᠵᠢᠯᠭᠡ ᠪᠣᠯᠣᠨ ᠪᠠᠲᠤᠯᠠᠭ᠎ᠠ ᠪᠠᠨ ᠴᠢᠩᠭᠠᠳᠬᠠᠵᠤ ᠭᠤᠣᠯᠳᠠᠯᠭᠠᠲᠤ ᠠᠵᠢᠯ ᠳᠡᠭᠡᠷ᠎ᠡ ᠠᠬᠢᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠣᠨᠴᠠᠯᠢᠭᠲᠤ ᠡᠮᠴᠢᠯᠡᠭᠡᠨ  ᠤ ᠳᠠᠪᠠᠭᠤᠯᠢᠭ ᠢ ᠪᠠᠳᠠᠷᠠᠭᠤᠯᠤᠨ ᠡᠮᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ ᠮᠣᠩᠭᠤᠯ ᠬᠢᠲᠠᠳ ᠡᠮᠨᠡᠯᠭᠡ ᠶᠢᠨ ᠡᠩᠨᠡᠭᠡᠨ ᠤ ᠪᠠᠶᠢᠭᠤᠯᠤᠯᠲᠠ᠂ ᠲᠤᠰᠬᠠᠢ ᠮᠡᠷᠭᠡᠵᠢᠯᠲᠡᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号