ᠠᠯᠲᠠᠨᠲᠤᠶᠠᠭ᠎ᠠ ᠰᠤᠷᠤᠯᠴᠠᠬᠤ ᠳᠤᠭᠤᠶᠢᠯᠠᠩ ᠢ ᠳᠠᠭᠠᠭᠤᠯᠤᠨ ᠬᠦᠯᠦᠨ ᠪᠣᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠤᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2018-09-10
     9 ᠰᠠᠷ᠎ᠠ ᠶᠢᠨ 2 ᠤᠨ ᠡᠳᠦᠷ ᠠᠴᠠ 5 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠦᠨᠲ ᠤᠨ ᠭᠡᠯᠳᠡᠰ ᠤᠨ ᠳᠠᠷᠤᠭ᠎ᠠ ᠠᠯᠲᠠᠨᠲᠤᠶᠠᠭ᠎ᠠ ᠰᠤᠷᠤᠯᠴᠠᠬᠤ ᠳᠤᠭᠤᠶᠢᠯᠠᠩ ᠢ ᠳᠠᠭᠠᠭᠤᠯᠤᠨ ᠬᠦᠯᠦᠨ ᠪᠣᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠰᠤᠷᠤᠯᠴᠠᠯᠭ᠎ᠠ ᠰᠢᠨᠵᠢᠯᠠᠨ ᠪᠠᠶᠢᠴᠠᠭᠠᠯᠳᠠ ᠭᠢᠭᠰᠡᠨ ᠪᠠᠶᠢᠨ᠎ᠠ᠃      ᠰᠤᠷᠤᠯᠴᠠᠬᠤ ᠳᠤᠭᠤᠶᠢᠯᠠᠩ ᠤᠨ ᠬᠢᠨ ᠤᠷᠢᠳ ᠬᠤᠵᠢᠳ ᠬᠦᠯᠦᠨ ᠪᠤᠶᠢᠷ ᠬᠤᠲᠠ ᠶᠢᠨ ᠬᠦᠮᠦᠨ ᠤ ᠬᠦᠴᠦᠨ  ᠤ ᠡᠬᠢ ᠪᠠᠶᠠᠯᠢᠭ ᠪᠤᠯᠤᠨ ᠨᠡᠶᠢᠬᠡᠮ ᠤᠨ ᠪᠠᠲᠤᠯᠠᠭ᠎ᠠ ᠶᠢᠨ ᠲᠣᠪᠴᠢᠶ᠎ᠠ᠂ ᠡᠸᠡᠩᠬᠢ ᠬᠤᠰᠢᠭᠤᠨ ᠤ ᠪᠣᠣ ᠱᠠᠩ ᠭᠠᠴᠠᠭ᠎ᠠ ᠪᠠᠯᠭᠠᠰᠤᠨ ᠤ ᠪᠠᠩᠬᠢ᠂ ᠡᠸᠡᠩᠬᠢ ᠬᠤᠰᠢᠭᠤᠨ ᠤ ᠦᠨᠳᠦᠰᠦᠲᠡᠨ ᠤ ᠰᠣᠶᠣᠯ ᠤᠨ ᠪᠦᠲᠦᠭᠡᠯᠲᠡ ᠠᠵᠤ ᠦᠢᠯᠡᠰ ᠬᠦᠷᠢᠶᠡᠯᠡᠩ᠂ ᠬᠠᠶᠢᠯᠠᠷ ᠲᠣᠭᠤᠷᠢᠭ ᠤᠨ ᠬᠦᠯᠦᠨ ᠪᠠᠭ᠎ᠠ ᠰᠤᠷᠭᠠᠭᠤᠯᠢ᠂ ᠳ᠋ᠠᠷᠵᠢᠶᠠᠯᠠᠩ ᠬᠡᠶᠢᠳ᠂ ᠬᠠᠭᠤᠴᠢᠨ ᠪᠠᠷᠭᠤ ᠬᠤᠰᠢᠭᠤᠨ ᠤ ᠪᠠᠶᠠᠨ ᠨᠡᠶᠢᠬᠡᠮ ᠲᠣᠭᠤᠷᠢᠭ᠂ ᠰᠢᠨ᠎ᠡ ᠪᠠᠷᠭᠤ ᠵᠡᠭᠦᠨ ᠬᠤᠰᠢᠭᠤᠨ ᠤ ᠬᠡᠷᠡᠮᠲᠦ ᠭᠠᠴᠠᠭ᠎ᠠ ᠵᠠᠷᠭᠡ ᠭᠠᠵᠠᠷ ᠢᠶᠠᠷ ᠬᠦᠷᠴᠦ ᠲᠠᠶᠢᠯᠤᠮᠵᠢ ᠰᠣᠨᠣᠰᠬᠤ᠂ ᠮᠠᠲ᠋ᠧᠷᠢᠶᠠᠯ ᠥᠵᠠᠭᠦ᠂ ᠳᠤᠰᠬᠠᠢ ᠹᠢᠯᠢᠮ ᠦᠵᠡᠬᠦ ᠵᠡᠷᠭᠡ ᠬᠡᠯᠪᠡᠷᠢ ᠪᠠᠷ ᠬᠦᠯᠦᠨ ᠪᠣᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠰᠤᠷᠭᠠᠭᠤᠯᠢ᠂ ᠰᠦᠮ᠎ᠡ ᠬᠡᠶᠢᠳ᠂ ᠨᠡᠶᠢᠬᠡᠮ ᠲᠣᠭᠤᠷᠢᠭ᠂ ᠭᠠᠴᠠᠭ᠎ᠠ ᠳᠣᠰᠬᠤᠨ ᠳᠤ ᠥᠷᠨᠢᠬᠦᠯᠬᠦ ᠠᠵᠢᠯ ᠤᠨ ᠲᠡᠷᠢᠭᠦᠨ ᠤ ᠳᠤᠷᠰᠢᠯᠭ᠎ᠠ ᠪᠣᠯᠤᠨ ᠠᠷᠭ᠎ᠠ ᠬᠡᠯᠪᠡᠷᠢ ᠶᠢ ᠰᠤᠷᠤᠯᠴᠠᠭᠰᠠᠨ ᠪᠠᠶᠢᠨ᠎ᠠ᠃      ᠰᠢᠨᠵᠢᠯᠠᠨ ᠪᠠᠶᠢᠴᠠᠭᠠᠯᠳᠠ ᠪᠠᠷ ᠲᠠᠮᠵᠢᠭᠠᠳ ᠰᠤᠷᠤᠯᠴᠠᠬᠤ ᠲᠤᠭᠤᠶᠢᠯᠠᠩ ᠤᠨ ᠬᠢᠨ ᠬᠦᠯᠦᠨ ᠪᠣᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠵᠣᠭᠰᠤᠴᠠ ᠦᠨᠳᠦᠷ᠂ ᠰᠠᠭᠤᠷᠢ ᠵᠤᠵᠠᠭᠠᠨ᠂ ᠦᠪᠡᠷᠮᠢᠴᠡ ᠣᠨᠴᠠᠯᠢᠭ ᠢᠶᠠᠷ ᠳᠣᠪᠣᠶᠢᠮ᠎ᠠ᠂ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠢᠯᠡᠷᠬᠡᠢ ᠪᠠᠶᠢᠵᠤ ᠡᠳᠡᠭᠡᠷ ᠰᠠᠶᠢᠨ ᠳᠤᠷᠰᠢᠯᠭ᠎ᠠ ᠰᠤᠷᠭᠠᠮᠵᠢ ᠠᠷᠭ᠎ᠠ ᠬᠡᠯᠪᠡᠷᠢ ᠨᠢ ᠪᠢᠳᠠᠨ ᠤ ᠰᠤᠷᠤᠯᠴᠠᠭᠤᠰᠢᠳᠠᠢ ᠵᠥᠢᠯ ᠪᠤᠯᠵᠤ ᠲᠠᠷᠢᠭᠦᠨ ᠤ ᠬᠢ ᠶᠢ ᠰᠤᠷᠤᠯᠴᠠᠵᠤ᠂ ᠬᠦᠷᠦᠯᠴᠡᠬᠦ ᠦᠬᠡᠢ ᠲᠠᠯ᠎ᠠ ᠪᠠᠨ ᠡᠷᠢᠨ ᠭᠠᠷᠭᠠᠬᠤ ᠬᠠᠷᠠᠯᠳᠠ ᠳᠤ ᠪᠠᠨ  ᠭᠥᠷᠴᠤ ᠮᠠᠨ ᠤ ᠬᠤᠰᠢᠭᠤᠨ ᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠠᠭᠤᠷᠢᠶᠠᠯ ᠬᠤᠰᠢᠭᠤ ᠶᠢ ᠡᠬᠦᠳᠦᠨ ᠪᠠᠶᠢᠭᠤᠯᠬᠤ ᠠᠵᠢᠯ ᠳᠤ ᠵᠢᠯᠤᠭᠤᠳᠤᠯᠭ᠎ᠠ ᠶᠢᠨ ᠠᠴᠢ ᠬᠤᠯᠪᠤᠭᠳᠠᠯ ᠲᠠᠢ ᠪᠤᠯᠵᠠᠢ᠃ ᠲᠤᠰ ᠤᠳᠠᠭᠠᠨ ᠤ ᠰᠤᠷᠤᠯᠴᠠᠯᠭ᠎ᠠ ᠰᠢᠨᠵᠢᠯᠠᠨ ᠪᠠᠶᠢᠴᠠᠭᠠᠯᠳᠠ ᠨᠢ ᠮᠠᠨ ᠤ ᠬᠤᠰᠢᠭᠤ ᠬᠢᠬᠡᠳ ᠬᠦᠯᠦᠨ ᠪᠤᠶᠢᠷ ᠬᠤᠲᠠ ᠶᠢᠨ ᠬᠤᠭᠤᠷᠤᠨᠳᠠᠬᠢ ᠬᠠᠷᠢᠯᠴᠠᠨ ᠰᠤᠷᠤᠯᠴᠠᠬᠤ ᠲᠠᠪᠴᠠᠩ ᠪᠤᠯᠵᠤ ᠬᠠᠮᠲᠤ ᠪᠠᠷ ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠪᠠᠳᠤᠳᠠᠢ ᠰᠠᠭᠤᠷᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠮᠠᠨ ᠤ ᠬᠤᠰᠢᠭᠤ ᠤᠯᠠᠮ ᠨᠢᠬᠡ ᠠᠯᠬᠤᠮ ᠲᠡᠷᠢᠬᠦᠨ ᠤ ᠭᠠᠵᠠᠷ ᠤᠷᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠤᠯᠳᠠ ᠶᠢᠨ ᠠᠵᠢᠯ ᠤᠨ ᠠᠷᠭ᠎ᠠ ᠲᠤᠷᠰᠢᠯᠭ᠎ᠠ ᠠᠴᠠ ᠭᠢᠨᠠᠮᠭᠠᠢ ᠰᠤᠷᠤᠯᠴᠠᠨ ᠪᠤᠳᠠᠲᠤ ᠠᠵᠢᠯ ᠲᠤᠮᠳᠠ ᠪᠠᠨ ᠡᠬᠦᠳᠦᠨ ᠪᠦᠲᠦᠬᠡᠯᠴᠢ ᠴᠢᠨᠠᠷ ᠲᠠᠢ ᠪᠠᠷ ᠬᠡᠷᠡᠭᠵᠢᠬᠦᠯᠵᠦ ᠲᠠᠭᠤᠷᠢᠶᠠᠯ ᠲᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ ᠳᠠᠬᠢ ᠨᠤᠮᠢᠨ ᠲᠠᠩᠰᠤᠭ ᠬᠦᠭᠵᠢᠯᠲᠡ ᠶᠢ ᠪᠠᠶᠠᠯᠠᠭᠦᠯᠭᠦ ᠶᠢ ᠠᠬᠢᠭᠤᠯᠵᠦ ᠦᠵᠡᠰᠬᠦᠯᠡᠩᠲᠤ ᠦᠪᠦᠷ ᠮᠤᠩᠭᠤᠯ ᠢ ᠪᠦᠲᠦᠬᠡᠨ ᠪᠠᠶᠢᠭᠤᠯᠬᠤ᠂ ᠠᠭᠤᠤ ᠶᠡᠭᠡ ᠲᠤᠮᠳᠠᠲᠤ ᠶᠢᠨ ᠬᠦᠰᠡᠯ ᠢ ᠲᠡᠷᠭᠡᠯᠰᠢᠬᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠤᠮ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号