9 ᠰᠠᠷ᠎ᠠ ᠶᠢᠨ 6 ᠤ ᠡᠳᠤᠷ᠂ ᠭᠤᠴᠢᠨ ᠳᠦᠷᠪᠡᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠷᠳᠤᠰ ᠬᠤᠲᠠ ᠶᠢᠨ ᠴᠡᠷᠢᠭ ᠤᠨ ᠬᠤᠪᠢᠶᠠᠷᠢ | ᠲᠤᠭᠤᠷᠢᠭ ᠤᠨ ᠵᠠᠬᠢᠷᠭᠠᠨ ᠤ ᠳᠠᠷᠤᠭ᠎ᠠ ᠰᠦᠨ ᠺᠦᠢ ᠶᠤᠸᠠᠨ ᠮᠠᠨ ᠤ ᠬᠤᠰᠢᠭᠤᠨ ᠳᠤ ᠢᠷᠡᠵᠤ ᠮᠠᠨ ᠤ ᠬᠤᠰᠢᠭᠤᠨ | ᠤ ᠭᠡᠰᠡᠭ ᠪᠠᠭᠰᠢ ᠠᠵᠢᠯᠲᠠᠨ ᠢ ᠪᠤᠯᠭᠤᠭᠠᠨ ᠲᠤᠬᠤᠨᠢᠭᠤᠯᠵᠤ᠂ ᠪᠦᠬᠦ ᠬᠤᠰᠢᠭᠤᠨ ᠤ ᠪᠠᠭᠰᠢ ᠠᠵᠢᠯᠲᠠᠨ ᠳᠤ ᠪᠠᠶᠠᠷ | ᠤᠨ ᠡᠳᠦᠷ ᠤᠨ ᠮᠡᠨᠳᠦᠴᠢᠯᠡᠯ ᠪᠤᠯᠤᠨ ᠡᠷᠬᠢᠮ ᠳᠡᠭᠡᠲᠦ ᠬᠦᠨᠲᠦᠳᠬᠡᠯ ᠢᠶᠠᠨ ᠳᠡᠪᠰᠢᠭᠦᠯᠪᠡ᠃ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠳᠡᠳ᠋ ᠳᠠᠷᠤᠭ᠎ᠠ ᠪᠠᠶᠠᠠᠴᠢᠮᠡᠭ ᠪᠤᠯᠤᠨ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃ | ᠰᠦᠨ ᠺᠦᠢ ᠶᠤᠸᠠᠨ ᠤᠷᠢᠳ ᠬᠤᠵᠢᠳ ᠬᠠᠰᠴᠡᠴᠡᠭ ᠪᠠᠭᠰᠢ᠂ ᠭᠦᠸᠧ ᠠᠢ ᠴᠢᠨ ᠪᠠᠭᠰᠢ᠂ | ᠴᠢᠯᠠᠭᠤᠠᠪᠠᠭᠠᠲᠤᠷ ᠪᠠᠭᠰᠢ ᠶᠢᠨ ᠬᠢᠨ ᠳᠤ ᠬᠦᠷᠴᠦ ᠳᠡᠲᠡᠨ ᠤ ᠠᠵᠢᠯ ᠠᠮᠢᠳᠤᠷᠠᠯ ᠤᠨ ᠪᠠᠶᠢᠳᠠᠯ ᠢ ᠨᠢ ᠤᠶᠢᠯᠠᠭᠠᠵᠤ | ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠠ᠃ ᠰᠦᠨ ᠺᠦᠢ ᠶᠤᠸᠠᠨ ᠬᠡᠯᠡᠬᠦ ᠳᠤ ᠪᠠᠨ ᠤᠷᠳᠦ | ᠬᠤᠭᠤᠴᠠᠭᠠᠨ ᠤ ᠲᠤᠷᠰᠢ ᠦᠦᠰᠢᠨ ᠬᠤᠰᠢᠭᠤᠨ ᠤ ᠦᠷᠭᠡᠨ ᠤᠯᠠᠨ ᠪᠠᠭᠰᠢ ᠠᠵᠢᠯᠲᠠᠨ ᠴᠠᠭ ᠢᠮᠠᠭᠲᠠ | ᠵᠢᠪᠬᠤᠭᠠᠯᠢᠭ ᠳᠦᠷᠢ ᠲᠦᠷᠬᠦ᠂ ᠡᠷᠬᠢᠮ ᠳᠡᠭᠡᠲᠦ ᠲᠤᠬᠠᠶᠢᠯᠠᠭᠰᠠᠨ ᠠᠵᠢᠯ ᠤᠨ ᠶᠤᠰᠤ ᠰᠣᠷᠲᠠᠬᠤᠨ᠂ ᠭᠦᠨ | ᠵᠤᠵᠠᠭᠠᠨ ᠮᠡᠳᠡᠯᠭᠡ ᠪᠤᠯᠪᠠᠰᠤᠷᠠᠯ ᠢᠶᠠᠷ ᠰᠤᠷᠭᠠᠨ ᠬᠦᠮᠦᠵᠢᠯ ᠤᠨ ᠨᠢᠭᠡᠳᠦᠭᠡᠷ ᠹᠷᠤᠨᠲ ᠳᠡᠭᠡᠷ᠎ᠡ ᠭᠠᠪᠰᠢᠭᠠᠶᠢᠯᠠᠵᠤ | ᠬᠦᠴᠦ ᠬᠦᠯᠦᠰᠦ ᠪᠠᠨ ᠰᠢᠪᠬᠠᠨ ᠶᠡᠷᠦᠮᠳᠡᠭᠬᠡᠨ ᠠᠵᠢᠯ ᠤᠨ ᠪᠠᠶᠢᠷᠢᠨ ᠳᠡᠭᠡᠷ᠎ᠡ ᠳᠤᠪᠤᠶᠢᠮ᠎ᠠ ᠪᠦᠲᠦᠮᠵᠢ ᠤᠯᠤᠭᠰᠠᠨ | ᠪᠠᠶᠢᠨ᠎ᠠ᠃ ᠦᠷᠭᠡᠨ ᠤᠯᠠᠨ ᠪᠠᠭᠰᠢ ᠠᠵᠢᠯᠲᠠᠨ ᠦᠷᠭᠦᠯᠵᠢᠯᠡᠨ ᠴᠢᠷᠮᠠᠶᠢᠨ ᠠᠵᠢᠯᠯᠠᠵᠤ ᠦᠦᠰᠢᠨ ᠤ ᠰᠤᠷᠭᠠᠨ | ᠬᠦᠮᠦᠵᠢᠯ ᠤᠨ ᠦᠢᠯᠡᠰ ᠢ ᠰᠢᠨ᠎ᠡ ᠨᠢᠭᠡᠨ ᠲᠡᠭᠲᠡᠷ ᠲᠤ ᠭᠠᠷᠭᠠᠬᠤ ᠪᠠᠷ ᠴᠢᠷᠮᠠᠶᠢᠬᠤ ᠶᠢ ᠬᠦᠰᠡᠵᠤ ᠪᠠᠶᠢᠨ᠎ᠠ ᠭᠡᠪᠡ᠃ | ᠰᠦᠨ ᠺᠦᠢ ᠶᠤᠸᠠᠨ ᠴᠢᠬᠤᠯᠠᠴᠢᠯᠠᠬᠤ ᠳᠤ ᠪᠠᠨ᠂ ᠦᠦᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ᠂ ᠡᠯ᠎ᠡ ᠭᠠᠵᠠᠷ ᠡᠯ᠎ᠡ ᠭᠠᠵᠠᠷ ᠰᠠᠯᠠᠭ᠎ᠠ ᠮᠦᠴᠢᠷ ᠤᠨ ᠬᠢᠨ ᠰᠤᠷᠭᠠᠨ ᠬᠦᠮᠦᠵᠢᠯ ᠤᠨ ᠦᠢᠯᠡᠰ ᠢ | ᠦᠷᠭᠦᠯᠵᠢᠯᠡᠨ ᠬᠠᠯᠠᠮᠵᠢᠯᠠᠨ ᠳᠡᠮᠵᠢᠵᠤ᠂ ᠪᠠᠭᠰᠢ ᠪᠠᠨ ᠬᠦᠨᠳᠦᠯᠡᠨ᠂ ᠰᠤᠷᠭᠠᠨ ᠬᠦᠮᠦᠵᠢᠯ ᠢ ᠳᠡᠭᠡᠳᠦᠯᠡᠬᠦ ᠰᠢᠯᠢᠳᠡᠭ | ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ ᠦᠷᠭᠡᠨ ᠤᠯᠠᠨ ᠪᠠᠭᠰᠢ ᠠᠵᠢᠯᠲᠠᠳ ᠤᠨ ᠠᠵᠢᠯᠯᠠᠵᠤ ᠠᠮᠢᠳᠤᠷᠠᠬᠤ | ᠨᠦᠬᠦᠴᠡᠯ ᠢ ᠴᠢᠷᠮᠠᠶᠢᠨ ᠰᠠᠶᠢᠵᠢᠷᠠᠭᠤᠯᠵᠤ᠂ ᠰᠢᠯᠢᠳᠡᠭ ᠴᠢᠳᠠᠪᠤᠷᠢᠲᠠᠨ ᠢ ᠤᠷᠢᠨ ᠤᠷᠤᠭᠤᠯᠬᠤ ᠶᠢ ᠵᠤᠷᠢᠭᠵᠢᠭᠤᠯᠤᠨ | ᠨᠡᠶᠢᠬᠡᠮ ᠨᠡᠶᠢᠲᠡ ᠳᠤ ᠨᠡᠩ ᠤᠯᠠᠨ ᠴᠢᠳᠠᠪᠤᠷᠢᠲᠠᠨ ᠢ ᠬᠦᠮᠦᠵᠢᠭᠦᠯᠦᠨ ᠭᠠᠷᠭᠠᠵᠤ ᠦᠦᠰᠢᠨ ᠬᠤᠰᠢᠭᠤᠨ ᠤ ᠰᠤᠷᠭᠠᠨ | ᠬᠦᠮᠦᠵᠢᠯ ᠤᠨ ᠦᠢᠯᠡᠰ ᠤᠨ ᠬᠦᠭᠵᠢᠯᠲᠡ ᠶᠢᠨ ᠬᠢᠷᠢ ᠳᠦᠪᠰᠢᠨ ᠢ ᠳᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ | ᠬᠡᠪᠡ᠃ | |