ᠮᠠᠨ ᠤ ᠬᠤᠰᠢᠭᠤ ᠨᠠᠷᠢᠯᠢᠭ ᠤᠨᠤᠪᠴᠢᠳᠠᠢ ᠪᠠᠷ ᠵᠡᠮᠳᠡᠭᠴᠦᠳ ᠢ ᠲᠤᠰᠠᠯᠠᠵᠦ ᠬᠦᠮᠤᠰ ᠤᠨ ᠰᠡᠳᠬᠢᠯ ᠢ ᠲᠤᠯᠠᠭᠠᠴᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2018-09-10
     ᠡᠨᠡ ᠵᠢᠯ ᠠᠴᠠ ᠦᠤᠰᠢᠨ ᠬᠤᠰᠢᠭᠤ ᠵᠡᠮᠳᠡᠭᠴᠦᠳ ᠤᠨ ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠪᠠ ᠦᠢᠯᠡᠴᠢᠯᠡᠬᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠪᠠᠨ ᠣᠯᠠᠮ ᠨᠢᠬᠡ ᠠᠯᠬᠤᠮ ᠲᠡᠬᠦᠯᠳᠡᠷᠵᠢᠬᠦᠯᠵᠦ ᠨᠠᠷᠢᠯᠢᠭ ᠤᠨᠤᠪᠴᠢᠳᠠᠢ ᠪᠠᠷ ᠵᠡᠮᠳᠡᠭᠴᠦᠳ ᠢ ᠲᠡᠳᠬᠦᠬᠦ ᠠᠷᠭ᠎ᠠ ᠠᠪᠴᠠᠯ ᠢ ᠬᠡᠷᠡᠭᠵᠢᠬᠦᠯᠦᠨ ᠵᠡᠮᠲᠡᠭᠴᠤᠳ ᠤᠨ ᠰᠡᠳᠬᠢᠯ ᠢ ᠲᠤᠯᠠᠭᠠᠴᠠᠭᠤᠯᠪᠠ᠃      ᠣᠶᠢᠷ᠎ᠠ ᠶᠢᠨ ᠡᠳᠤᠷ᠂ ᠬᠠᠭᠠᠰ ᠪᠡᠶ᠎ᠡ ᠨᠢ ᠲᠠᠮᠪᠠᠷᠠᠭᠰᠠᠨ ᠠᠴᠠ ᠠᠷᠪᠠᠨ ᠬᠡᠳᠤᠨ ᠵᠢᠯ ᠬᠦᠷᠳᠦᠳᠤ ᠰᠠᠨᠳᠠᠯᠢ ᠲᠡᠭᠡᠷ᠎ᠡ ᠰᠠᠭᠤᠵᠦ ᠪᠠᠶᠢᠭᠰᠠᠨ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠰᠠᠭᠤᠭᠠᠯᠢ ᠠᠷᠠᠳ ᠵᠠᠩ ᠵᠢᠶᠦ᠋ᠨ ᠹᠦ᠋ ᠳᠤ ᠰᠢᠨᠡᠬᠡᠨ ᠣᠨᠤᠭ᠎ᠠ ᠲᠠᠢ ᠪᠤᠯᠵᠦ ᠠᠷᠰᠠᠷ ᠠᠵᠢᠯ ᠬᠢᠬᠦ ᠪᠤᠶᠤ ᠭᠠᠷᠴᠤ ᠣᠷᠤᠬᠤ ᠳᠤ ᠣᠣᠯ ᠤᠨ ᠬᠢ  ᠠᠴᠠ ᠲᠤᠩ ᠴᠤ ᠲᠦᠬᠦᠮ ᠪᠤᠯᠵᠠᠢ᠃ ᠵᠠᠩ ᠵᠢᠶᠦ᠋ᠨ ᠹᠦ᠋ ᠳᠤ ᠥᠭᠭᠦᠭᠰᠡᠨ ᠲᠦᠮᠡ ᠭᠠᠷᠤᠢ ᠲᠦᠬᠦᠷᠢᠭ ᠤᠨ ᠦᠷᠲᠡᠭ ᠲᠠᠢ ᠡᠨᠡᠬᠦ ᠰᠢᠨ᠎ᠡ ᠴᠠᠬᠢᠯᠭᠠᠨ ᠬᠦᠳᠡᠯᠬᠡᠬᠦᠷᠲᠤ ᠰᠠᠨᠳᠠᠯᠢ ᠨᠢ ᠲᠠᠷᠤᠢ ᠦᠤᠰᠢᠨ ᠬᠤᠰᠢᠭᠤᠨ ᠤ ᠵᠡᠮᠳᠡᠭᠴᠦᠳ ᠤᠨ ᠬᠤᠯᠪᠤᠭᠠᠨ ᠠᠴᠠ ᠡᠨᠡ ᠵᠢᠯ ᠡᠬᠢᠯᠡᠨ ᠬᠡᠷᠡᠭᠵᠢᠬᠦᠯᠦᠭᠰᠡᠨ ᠨᠠᠷᠢᠯᠢᠭ ᠣᠨᠤᠪᠴᠢᠳᠠᠢ ᠪᠠᠷ ᠵᠡᠮᠳᠡᠭᠴᠦᠳ ᠢ ᠲᠤᠰᠠᠯᠠᠬᠤ ᠲᠦᠷᠦᠯ ᠵᠦᠢᠯ ᠤᠨ ᠲᠤᠰᠬᠠᠢ ᠪᠠᠭᠠᠵᠢ ᠬᠡᠷᠡᠭᠰᠡᠯ ᠪᠠᠶᠢᠭ᠎ᠠ ᠶᠤᠮ᠃ ᠲᠤᠰ ᠰᠠᠨᠳᠠᠯᠢ ᠨᠢ ᠪᠠᠰᠠ ᠡᠷᠡᠬᠦᠯᠵᠢᠬᠦᠯᠬᠦ ᠪᠤᠯᠪᠠᠰᠤᠷᠠᠯ ᠬᠢᠯᠬᠡᠬᠦ ᠴᠢᠳᠠᠮᠵᠢ ᠲᠠᠢ ᠪᠠᠶᠢᠳᠠᠭ ᠢᠶᠠᠷ ᠢᠶᠠᠨ ᠦᠷᠭᠡᠨ ᠣᠯᠠᠨ ᠲᠠᠮᠪᠠᠷᠠᠭᠰᠠᠨ ᠡᠪᠡᠳᠴᠢᠳᠡᠨ ᠤ ᠪᠡᠶ᠎ᠡ ᠰᠡᠳᠬᠢᠴᠡ ᠶᠢᠨ ᠡᠷᠡᠬᠦᠯ ᠮᠡᠨᠳᠤ ᠳᠤ ᠠᠰᠢᠭᠳᠠᠢ ᠪᠠᠶᠢᠬᠤ ᠪᠠᠷ ᠪᠠᠷᠠᠬᠤ ᠦᠭᠡᠢ᠂ ᠡᠪᠡᠳᠴᠢᠨ ᠡᠮᠬᠡᠭ ᠠᠴᠠ ᠪᠤᠯᠵᠦ ᠭᠠᠷ ᠲᠠᠳᠠᠭᠤ ᠠᠵᠦ ᠲᠦᠷᠦᠵᠦ ᠪᠠᠶᠢᠭ᠎ᠠ ᠲᠡᠳᠡᠨᠡᠷ ᠲᠤ ᠦᠪᠡᠷ ᠤᠨ ᠬᠦᠴᠦ ᠪᠠᠷ ᠢᠶᠠᠨ ᠲᠡᠭᠵᠢᠷᠡᠬᠦ ᠢᠳᠡᠬᠡᠯ ᠵᠤᠷᠢᠭ ᠢ ᠨᠢ ᠬᠦᠪᠴᠢᠯᠡᠨ᠂ ᠰᠡᠳᠬᠢᠯ ᠢ ᠨᠢ ᠲᠤᠯᠠᠭᠠᠴᠠᠭᠤᠯᠵᠠᠢ᠃      ᠡᠨᠡ ᠵᠢᠯ᠂ ᠦᠤᠰᠢᠨ ᠬᠤᠰᠢᠭᠤ ᠵᠡᠮᠳᠡᠭᠴᠦᠳ ᠤᠨ ᠨᠡᠶᠢᠬᠡᠮ ᠤᠨ ᠠᠰᠠᠷᠠᠮᠵᠢ ᠪᠠ ᠨᠡᠶᠢᠬᠡᠮ ᠤᠨ ᠪᠠᠳᠤᠯᠠᠭ᠎ᠠ  ᠶᠢᠨ ᠬᠦᠴᠦᠯᠡᠴᠡ ᠢᠶᠠᠨ ᠲᠠᠰᠤᠷᠠᠯᠳᠠ ᠦᠭᠡᠢ ᠨᠡᠮᠡᠭᠳᠡᠬᠦᠯᠵᠦ ᠡᠷᠡᠬᠦᠯᠵᠢᠯ ᠢᠶᠠᠷ ᠶᠠᠳᠠᠭᠤ ᠶᠢ ᠲᠡᠳᠬᠦᠬᠦ ᠶᠢ ᠪᠦᠬᠦ ᠬᠦᠴᠦᠨ ᠢᠶᠠᠷ ᠠᠬᠢᠭᠤᠯᠤᠨ ᠵᠢᠯ ᠤᠨ ᠡᠬᠢᠨ ᠳᠤ ᠲᠤᠰᠬᠠᠢ ᠮᠡᠷᠬᠡᠵᠢᠯᠳᠠᠨ ᠢ ᠲᠤᠮᠢᠯᠠᠵᠦ ᠪᠦᠬᠦ ᠬᠤᠰᠢᠭᠤᠨ ᠤ ᠵᠡᠮᠳᠡᠭᠴᠦᠳ ᠤᠨ ᠠᠶᠢᠯ ᠡᠷᠤᠬᠡ ᠢᠶᠠᠷ ᠬᠦᠷᠴᠤ ᠬᠢᠨᠡᠨ ᠲᠤᠭᠳᠠᠭᠠᠯᠳᠠ ᠬᠢᠵᠦ᠂ ᠡᠷᠡᠬᠦᠯᠵᠢᠯ ᠤᠨ ᠲᠦᠰᠦᠪ ᠲᠦᠯᠦᠪᠯᠡᠯᠭᠡ ᠲᠤᠭᠲᠠᠭᠠᠨ ᠲᠡᠳᠡᠨ ᠤ ᠡᠷᠡᠬᠦᠯᠵᠢᠯ ᠤᠨ ᠪᠤᠯᠪᠠᠰᠤᠷᠠᠯ ᠳᠤ ᠲᠤᠰᠠᠯᠠᠬᠤ ᠴᠠᠬᠢᠯᠭᠠᠨ ᠬᠦᠳᠡᠯᠬᠡᠬᠦᠷᠳᠤ ᠰᠠᠨᠳᠠᠯᠠᠢ᠂ ᠠᠰᠠᠷᠠᠬᠤ ᠣᠷᠤ᠂ ᠶᠠᠪᠤᠵᠦ ᠰᠠᠭᠤᠬᠤ ᠶᠢ ᠲᠤᠰᠠᠯᠠᠬᠤ ᠲᠦᠬᠦᠬᠡᠷᠤᠮᠵᠢ᠂ ᠬᠠᠷᠠᠭ᠎ᠠ ᠪᠠ ᠰᠤᠨᠤᠷ ᠢ ᠲᠤᠰᠠᠯᠠᠬᠤ ᠲᠦᠬᠦᠬᠡᠷᠤᠮᠵᠢ ᠵᠡᠷᠭᠡ ᠶᠢ ᠰᠦᠢᠳᠬᠡᠯ ᠬᠤᠷᠢᠶᠠᠬᠤ ᠦᠭᠡᠢ ᠬᠠᠩᠭᠠᠨ  ᠦᠭᠬᠦ ᠶᠢᠨ ᠬᠠᠮᠳᠤ ᠬᠤᠰᠢᠭᠤ ᠪᠠ ᠰᠤᠮᠤ ᠪᠠᠯᠭᠠᠰᠤ ᠶᠢᠨ ᠡᠯ᠎ᠡ ᠡᠮᠨᠡᠯᠭᠡ ᠶᠢᠨ ᠬᠤᠷᠢᠶᠠᠨ ᠳᠤ ᠴᠦᠮ ᠵᠡᠮᠳᠡᠭᠴᠦᠳ ᠤᠨ ᠡᠷᠡᠬᠦᠯᠵᠢᠯ ᠤᠨ ᠰᠠᠯᠠᠭ᠎ᠠ ᠪᠠᠶᠢᠭᠤᠯᠤᠨ ᠣᠷᠳᠤ ᠬᠤᠭᠤᠴᠠᠭ᠎ᠠ ᠶᠠᠪᠤᠵᠦ ᠰᠠᠭᠤᠵᠦ ᠴᠢᠳᠠᠬᠤ ᠦᠭᠡᠢ ᠵᠡᠮᠳᠡᠭᠴᠦᠳ ᠤᠨ ᠪᠤᠯᠴᠢᠩ ᠰᠢᠷᠪᠦᠰᠤ ᠰᠢᠷᠬᠠᠳᠤᠬᠤ  ᠪᠤᠶᠤ ᠲᠠᠬᠢᠨ ᠲᠠᠮᠪᠠᠷᠠᠬᠤ ᠶᠢ ᠰᠡᠷᠬᠡᠶᠢᠯᠡᠭᠰᠡᠨ ᠪᠠᠶᠢᠨ᠎ᠠ᠃      ᠤᠶᠢᠯᠠᠭᠠᠭᠰᠠᠨ ᠢᠶᠠᠷ 2018 ᠣᠨ ᠳᠤ ᠦᠤᠰᠢᠨ ᠬᠤᠰᠢᠭᠤᠨ ᠤ ᠵᠡᠮᠳᠡᠭᠴᠦᠳ ᠤᠨ ᠬᠤᠯᠪᠤᠭᠠᠨ ᠠᠴᠠ ᠰᠡᠳᠬᠢᠴᠡ ᠶᠢᠨ ᠲᠠᠯ᠎ᠠ ᠶᠢᠨ ᠦᠢᠯᠡᠴᠢᠯᠡᠭᠡ ᠪᠠ ᠲᠤᠰᠬᠠᠢ ᠪᠠᠭᠠᠵᠢ ᠬᠡᠷᠡᠭᠰᠡᠯ ᠢ ᠲᠤᠬᠢᠷᠠᠭᠤᠯᠵᠦ 434 ᠬᠦᠮᠤᠨ ᠳᠤ ᠡᠷᠡᠬᠦᠯᠵᠢᠬᠦᠯᠬᠦ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号