ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠧᠢ ᠯᠤ᠋ ᠲᠤᠭᠤᠶᠢᠯᠠᠩ ᠠᠭᠤᠳᠠᠮ ᠲᠠᠯᠠᠪᠠᠢ ᠶᠢᠨ ᠭᠡᠷᠡᠯᠲᠦᠬᠦᠯᠭᠡ ᠶᠢᠨ ᠦᠭᠡᠷᠡᠴᠢᠯᠡᠯᠲᠡ ᠶᠢᠨ ᠠᠵᠢᠯ ᠤᠨ ᠠᠬᠢᠴᠠ  ᠶᠢᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-09-10
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠧᠢ ᠯᠤ᠋ ᠦᠷᠯᠦᠭᠡ ᠤᠷᠤᠢ ᠶᠢᠨ ᠴᠠᠭ ᠢᠶᠠᠨ ᠠᠰᠢᠭᠯᠠᠨ ᠤᠯᠠᠨ ᠤᠳᠠᠭ᠎ᠠ ᠬᠤᠲᠠ ᠶᠢᠨ ᠴᠡᠴᠡᠷᠯᠢᠭ ᠪᠠ ᠠᠭᠤᠳᠠᠮ ᠲᠠᠯᠠᠪᠠᠢ ᠪᠠᠷ ᠬᠦᠷᠦᠨ ᠪᠠᠶᠢᠴᠠᠭᠠᠵᠤ ᠵᠠᠷᠢᠮ ᠴᠡᠴᠡᠷᠯᠢᠭ ᠪᠠ ᠠᠭᠤᠳᠠᠮ ᠲᠠᠯᠠᠪᠠᠢ ᠶᠢᠨ ᠭᠡᠷᠡᠯᠲᠦᠭᠦᠯᠭᠡ ᠴᠦᠭᠡᠨ ᠪᠠᠶᠢᠵᠤ ᠠᠷᠠᠳ ᠲᠦᠮᠡᠨ ᠤ ᠬᠡᠪ ᠤᠨ ᠰᠡᠯᠡᠭᠦᠴᠡᠨ ᠴᠡᠩᠬᠡᠵᠤ ᠪᠡᠶ᠎ᠡ ᠪᠤᠯᠪᠠᠰᠤᠷᠠᠭᠤᠯᠬᠤ ᠳᠤ ᠨᠦᠯᠦᠭᠡ ᠠᠪᠴᠢᠷᠠᠵᠤ ᠪᠠᠶᠢᠭ᠎ᠠ ᠪᠠᠶᠢᠳᠠᠯ ᠢ ᠤᠯᠵᠤ ᠮᠡᠳᠡᠭᠰᠡᠨ ᠤ ᠲᠠᠷᠠᠭ᠎ᠠ᠂ ᠳᠠᠷᠤᠢ ᠳᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠢ ᠭᠡᠷᠡᠯᠲᠦᠬᠦᠯᠭᠡ ᠶᠢᠨ ᠦᠭᠡᠷᠡᠴᠢᠯᠡᠯᠲᠡ ᠶᠢᠨ ᠠᠵᠢᠯ ᠢ ᠦᠷᠨᠢᠬᠦᠯᠬᠦ ᠶᠢ ᠱᠠᠭᠠᠷᠳᠠᠭᠰᠠᠨ ᠪᠠᠶᠢᠨ᠎ᠠ᠃ 9 ᠰᠠᠷ᠎ᠠ ᠶᠢᠨ 7 ᠤ ᠤᠷᠤᠢ᠂ ᠵᠤᠤ ᠹᠧᠢ ᠯᠤ᠋ ᠲᠤᠭᠤᠶᠢᠯᠠᠩ ᠠᠭᠤᠳᠠᠮ ᠲᠠᠯᠠᠪᠠᠢ ᠶᠢᠨ ᠭᠡᠷᠡᠯᠲᠦᠬᠦᠯᠭᠡ ᠶᠢᠨ ᠦᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠵᠤ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠤᠷᠤᠨ ᠰᠠᠭᠤᠴᠠ ᠬᠢᠭᠡᠳ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠴᠡᠴᠡᠷᠯᠢᠭᠵᠢᠬᠦᠯᠦᠯᠲᠡ ᠨᠤᠭᠤᠭᠠᠷᠠᠭᠤᠯᠤᠯᠲᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃ ᠤᠳᠤᠬᠠᠨ ᠳᠤ ᠲᠤᠰ ᠭᠡᠷᠡᠯᠲᠦᠬᠦᠯᠭᠡ ᠶᠢᠨ ᠦᠭᠡᠷᠡᠴᠢᠯᠡᠯᠲᠡ ᠶᠢᠨ ᠢᠨᠵᠧᠨᠧᠷᠢᠩ ᠤᠨ ᠠᠵᠢᠯ ᠦᠨᠳᠦᠰᠦᠨ ᠳᠤ ᠪᠠᠨ ᠳᠠᠭᠤᠰᠴᠠᠢ  ᠃      ᠵᠤᠤ ᠹᠧᠢ ᠯᠤ᠋ ᠵᠢᠭᠠᠵᠤ ᠭᠠᠷᠭᠠᠬᠤ ᠳᠤ ᠪᠠᠨ᠂ ᠬᠤᠲᠠ ᠶᠢᠨ ᠭᠡᠷᠡᠯᠲᠦᠬᠦᠯᠭᠡ ᠶᠢᠨ ᠠᠵᠢᠯ ᠢ ᠰᠠᠶᠢᠨ ᠬᠢᠬᠦ ᠨᠢ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠵᠤ ᠠᠮᠢᠳᠤᠷᠠᠯ ᠤᠨ ᠤᠷᠴᠢᠨ ᠲᠤᠭᠤᠷᠢᠨ ᠢ ᠭᠤᠶᠤᠵᠢᠭᠤᠯᠠᠨ ᠬᠤᠲᠠ  ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢᠨ ᠴᠢᠬᠤᠯᠠ ᠠᠭᠤᠯᠭ᠎ᠠ ᠪᠠᠶᠢᠵᠤ᠂ ᠠᠷᠠᠳ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠴᠢᠬᠤᠯᠠ ᠦᠢᠯᠡᠳᠦᠯ ᠦᠵᠡᠭᠦᠯᠦᠨ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠡᠶᠡᠯᠡᠬᠦᠯᠬᠦ ᠪᠦᠲᠦᠮᠵᠢᠲᠠᠢ ᠠᠴᠢᠶᠠᠯᠠᠭᠴᠢ ᠮᠦᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠤᠲᠠ ᠶᠢᠨ ᠭᠡᠷᠡᠯᠲᠦᠬᠦᠯᠭᠡ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠤᠨᠴᠠᠭᠠᠶᠢᠯᠠᠨ ᠠᠷᠠᠳ ᠲᠦᠮᠡᠨ ᠤᠯᠠᠨ ᠴᠤᠭᠯᠠᠷᠠᠭᠰᠠᠨ᠂ ᠭᠡᠷᠡᠯᠲᠦᠭᠦᠯᠭᠡ ᠴᠦᠭᠡᠨ ᠴᠡᠴᠡᠷᠯᠢᠭ ᠪᠠ ᠠᠭᠤᠳᠠᠮ ᠲᠠᠯᠠᠪᠠᠢ ᠶᠢᠨ ᠪᠦᠬᠦᠯᠢ ᠴᠤᠭᠴᠠ ᠶᠢᠨ ᠭᠡᠷᠡᠯᠲᠦᠬᠦᠯᠭᠡ ᠶᠢᠨ ᠠᠵᠢᠯ ᠢ ᠰᠠᠶᠢᠨ ᠬᠢᠬᠦ ᠬᠡᠷᠡᠭᠲᠠᠢ ᠭᠡᠪᠡ᠃      ᠵᠤᠤ ᠹᠧᠢ ᠯᠤ᠋ ᠱᠠᠭᠠᠷᠳᠠᠬᠤ ᠳᠤ ᠪᠠᠨ᠂ ᠦᠨᠳᠦᠷ ᠪᠠᠷᠢᠮᠵᠢᠶᠠᠲᠤ ᠲᠦᠯᠦᠪᠵᠢᠬᠦᠯᠭᠡ᠂ ᠦᠨᠳᠦᠷ ᠴᠢᠨᠰᠠᠭᠠᠲᠤ ᠪᠦᠲᠦᠭᠡᠨ ᠪᠠᠶᠢᠭᠤᠯᠤᠯᠲᠠ᠂ ᠦᠨᠳᠦᠷ ᠬᠢᠷᠢ ᠲᠦᠪᠰᠢᠨᠲᠤ ᠬᠠᠮᠢᠶᠠᠷᠤᠯᠲᠠ ᠶᠢ ᠪᠠᠷᠢᠮᠲᠠᠯᠠᠵᠤ ᠠᠵᠢᠯ ᠤᠨ ᠠᠬᠢᠴᠠ ᠶᠢ ᠲᠦᠷᠭᠡᠳᠬᠡᠨ᠂ ᠨᠠᠷᠢᠯᠢᠭ ᠲᠠᠯ᠎ᠠ ᠶᠢ ᠠᠩᠬᠠᠷᠴᠤ᠂ ᠪᠦᠬᠦᠯᠢ ᠴᠤᠭᠴᠠ ᠶᠢᠨ ᠦᠢᠯᠡᠳᠦᠯ ᠢ ᠪᠠᠳᠠᠷᠠᠭᠤᠯᠤᠨ ᠠᠷᠠᠳ ᠲᠦᠮᠡᠨ ᠤ ᠰᠦᠨᠢ ᠶᠢᠨ ᠰᠤᠶᠤᠯ ᠤᠨ ᠠᠮᠢᠳᠤᠷᠠᠯ ᠪᠠ ᠰᠡᠯᠡᠭᠦᠴᠡᠨ ᠴᠡᠩᠬᠡᠵᠤ ᠪᠡᠶ᠎ᠡ ᠪᠤᠯᠪᠠᠰᠤᠷᠠᠭᠤᠯᠬᠤ ᠳᠤ ᠨᠢᠭᠡᠨ ᠲᠤᠬᠢᠲᠠᠢ ᠤᠷᠤᠨ ᠢ ᠬᠠᠩᠭᠠᠬᠤ ᠬᠡᠷᠡᠭᠲᠠᠢ ᠭᠡᠰᠡᠨ ᠪᠠᠶᠢᠨ᠎ᠠ᠃      ᠰᠦᠨᠢ ᠪᠤᠯᠬᠤ ᠪᠠᠷ ᠦᠩᠭᠡ ᠶᠢᠨ ᠳ᠋ᠧᠩ ᠰᠤᠯᠤᠩᠭᠠᠷᠠᠨ ᠲᠤᠭᠤᠶᠢᠯᠠᠩ ᠠᠭᠤᠳᠠᠮ ᠲᠠᠯᠠᠪᠠᠢ ᠳᠤ ᠵᠦᠢᠯ ᠤᠨ ᠭᠡᠷᠡᠯ ᠬᠢᠯᠠᠯᠵᠠᠨ ᠬᠤᠲᠠ ᠶᠢᠨ ᠰᠦᠨᠢ ᠤᠭᠲᠠᠷᠭᠤᠢ ᠶᠢ ᠴᠢᠮᠡᠭᠯᠡᠵᠤ ᠠᠷᠠᠳ ᠲᠦᠮᠡᠨ ᠤ ᠰᠡᠳᠬᠢᠯ ᠰᠠᠨᠠᠭ᠎ᠠ ᠶᠢ ᠭᠤᠶᠤᠵᠢᠭᠤᠯᠤᠨᠠᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号