ᠦᠦᠰᠢᠨ ᠬᠤᠰᠢᠭᠤᠨ ᠤ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-09-11
     ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠤ ᠠᠷᠭ᠎ᠠ ᠠᠪᠴᠠᠯ ᠢᠶᠠᠨ ᠴᠢᠩᠭᠠᠳᠬᠠᠨ ᠨᠡᠶᠢᠲᠠᠮ ᠪᠠᠶᠢᠴᠠᠭᠠᠯᠲᠠ ᠶᠢᠨ ᠡᠬᠦᠷᠭᠡ ᠶᠢ ᠠᠮᠵᠢᠯᠲᠠ ᠲᠠᠢ ᠪᠡᠶᠡᠯᠡᠬᠦᠯᠬᠦ ᠶᠢ ᠪᠠᠳᠤᠯᠠᠬᠤ ᠶᠢᠨ ᠲᠦᠯᠦᠭᠡ 9 ᠰᠠᠷ᠎ᠠ ᠶᠢᠨ 3 ᠤ ᠡᠳᠤᠷ᠂ ᠮᠠᠨ ᠤ ᠬᠤᠰᠢᠭᠤ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ᠂ ᠬᠤᠰᠢᠭᠤ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠵᠠᠩ ᡁᠢ ᠰᠢᠦ᠋ᠩ ᠬᠤᠷᠠᠯ ᠳᠤ ᠤᠷᠤᠯᠴᠠᠨ ᠳᠠᠶᠢᠴᠢᠯᠠᠯᠲᠠ ᠶᠢᠨ ᠶᠠᠷᠢᠶ᠎ᠠ ᠳᠡᠯᠪᠢᠵᠤ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ᠪᠠ ᠬᠤᠰᠢᠭᠤ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢ ᠦᠷᠨᠢᠬᠦᠯᠬᠦ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠪᠠ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭᠠᠬᠢ ᠠᠩᠬᠠᠳᠤᠭᠠᠷ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠳᠤᠬᠠᠢ ᠪᠠᠶᠢᠴᠠᠭᠠᠯᠲᠠ ᠪᠠᠶᠢᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠂ ᠨᠡᠶᠢᠬᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠳᠤᠮᠳᠠᠬᠢ ᠨᠢᠭᠡᠨ ᠴᠢᠬᠤᠯᠠ ᠶᠡᠷᠦᠩᠬᠡᠶᠢᠯᠡᠭᠰᠡᠨ ᠰᠠᠭᠤᠷᠢ ᠶᠢᠨ ᠴᠢᠨᠠᠷᠲᠠᠢ ᠠᠵᠢᠯ ᠮᠦᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠤᠯᠤᠰ ᠲᠦᠷᠤ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠲᠠᠨᠢᠯᠲᠠ ᠪᠠᠨ ᠬᠦᠨᠵᠡᠭᠡᠶᠢᠷᠡᠬᠦᠯᠵᠤ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢ ᠦᠷᠨᠢᠬᠦᠯᠬᠦ ᠶᠢᠨ ᠴᠢᠬᠤᠯᠠ ᠶᠡᠭᠡ ᠠᠯᠤᠰ ᠬᠡᠳᠤ ᠶᠢᠨ ᠲᠡᠤᠬᠡ ᠶᠢᠨ ᠠᠴᠢ ᠬᠤᠯᠪᠤᠭᠳᠠᠯ ᠢ ᠬᠦᠢᠴᠡᠳ ᠲᠠᠨᠢᠵᠤ᠂ ᠭᠤᠤᠯ ᠵᠤᠷᠢᠯᠭ᠎ᠠ ᠶᠢ ᠬᠦᠨᠵᠡᠭᠡᠢ ᠡᠵᠡᠮᠰᠢᠨ ᠡᠬᠦᠷᠭᠡ ᠳᠤᠰᠢᠶᠠᠯᠳᠤ ᠰᠡᠳᠬᠢᠯᠭᠡ ᠪᠠ ᠬᠠᠷᠢᠭᠤᠴᠠᠯᠭᠠᠳᠤ ᠤᠬᠠᠮᠰᠠᠷ ᠢᠶᠠᠷ ᠨᠡᠶᠢᠲᠠᠮ ᠪᠠᠶᠢᠴᠠᠭᠠᠯᠲᠠ ᠶᠢᠨ ᠠᠵᠢᠯ ᠢ ᠪᠦᠬᠦ ᠬᠦᠴᠦ ᠪᠠᠷ ᠰᠠᠶᠢᠲᠤᠷ ᠠᠳᠬᠤᠬᠤ ᠬᠡᠷᠡᠭᠲᠡᠢ ᠬᠡᠪᠡ᠃      ᠬᠤᠷᠠᠯ ᠠᠴᠠ ᠵᠢᠭᠠᠬᠤ ᠳᠤ ᠪᠠᠨ᠂ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠨᠢ ᠬᠦᠷᠢᠶ᠎ᠡ ᠬᠡᠪᠴᠢᠶ᠎ᠠ ᠪᠠᠷ ᠦᠷᠭᠡᠨ᠂ ᠠᠭᠤᠯᠭ᠎ᠠ ᠪᠠᠷ ᠤᠯᠠᠨ ᠪᠠᠶᠢᠵᠤ ᠮᠠᠯ ᠳᠠᠷᠢᠶᠠᠯᠠᠩ  ᠤᠨ ᠦᠢᠯᠡᠰ ᠠᠴᠠ ᠭᠠᠳᠠᠨ᠎ᠠ ᠤᠯᠤᠰ ᠠᠷᠠᠳ ᠤᠨ ᠠᠵᠤ ᠠᠬᠤᠢ ᠶᠢᠨ ᠪᠦᠬᠦᠶᠢᠯᠡ ᠠᠵᠢᠯ ᠲᠦᠷᠦᠯ ᠲᠠᠢ ᠬᠤᠯᠪᠤᠭᠳᠠᠨ᠂ ᠤᠯᠠᠨ ᠰᠠᠯᠠᠭ᠎ᠠ ᠮᠦᠴᠢᠷ᠂ ᠤᠯᠠᠨ ᠲᠠᠯ᠎ᠠ ᠲᠠᠢ ᠬᠤᠯᠪᠤᠭᠳᠠᠭᠰᠠᠨ ᠠᠵᠢᠯ ᠪᠠᠶᠢᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ︽ᠵᠠᠰᠠᠭ ᠤᠨ ᠤᠷᠳᠤᠨ ᠤ ᠨᠢᠭᠡᠳᠤᠯᠲᠠᠢ ᠤᠳᠤᠷᠢᠳᠤᠨ᠂ ᠰᠠᠯᠠᠭ᠎ᠠ ᠮᠦᠴᠢᠷ ᠬᠤᠪᠢᠶᠠᠷᠢᠯᠠᠨ ᠬᠠᠮᠵᠢᠯᠴᠠᠵᠤ᠂ ᠭᠠᠵᠠᠷ ᠤᠷᠤᠨ ᠳᠡᠰ ᠬᠤᠪᠢᠶᠠᠨ ᠬᠠᠷᠢᠭᠤᠴᠠᠵᠤ᠂ ᠡᠯ᠎ᠡ ᠲᠠᠯ᠎ᠠ ᠶᠢᠨ ᠬᠢᠨ ᠬᠠᠮᠳᠤᠪᠠᠷ ᠤᠷᠤᠯᠴᠠᠬᠤ︾ ᠵᠠᠷᠴᠢᠮ ᠪᠠ ᠪᠦᠬᠦ ᠤᠯᠤᠰ ᠢᠶᠠᠷ ᠢᠶᠠᠨ ᠠᠵᠢᠯ ᠤᠨ ᠶᠠᠪᠤᠴᠠ ᠪᠠᠨ ᠨᠢᠭᠡᠳᠬᠡᠨ ᠭᠤᠤᠯᠳᠠᠯᠭ᠎ᠠ ᠪᠠᠨ ᠳᠤᠪᠤᠶᠢᠯᠭᠠᠵᠤ ᠨᠠᠷᠢᠯᠢᠭ ᠵᠤᠬᠢᠶᠠᠨ ᠪᠠᠶᠢᠭᠤᠯᠤᠨ ᠨᠢᠮᠪᠠᠢ ᠲᠦᠯᠦᠪᠯᠡᠵᠤ ᠬᠦᠴᠦ ᠪᠠᠨ ᠬᠠᠮᠳᠤᠳᠬᠠᠨ ᠪᠦᠬᠦ ᠤᠯᠤᠰ ᠤᠨ ᠲᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠠᠵᠢᠯ ᠢ ᠡᠨᠡ ᠬᠤᠶᠠᠢ ᠵᠢᠯ ᠤᠨ ᠠᠵᠢᠯ ᠤᠨ ᠴᠢᠬᠤᠯᠠ ᠵᠦᠪᠯᠡᠬᠦ ᠵᠦᠢᠯ ᠳᠤ ᠤᠷᠤᠭᠤᠯᠵᠤ᠂ ︽ᠡᠬᠦᠷᠭᠡ ᠬᠠᠷᠢᠭᠤᠴᠠᠯᠭ᠎ᠠ ᠶᠢ ᠳᠤᠭᠲᠠᠭᠠᠬᠤ᠂ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠳᠤᠭᠲᠠᠭᠠᠬᠤ︾ ᠱᠠᠭᠠᠷᠳᠠᠯᠭ᠎ᠠ ᠶᠢ ᠦᠨᠳᠤᠰᠦᠯᠡᠨ᠂ ᠤᠳᠤᠷᠢᠳᠤᠯᠭ᠎ᠠ ᠪᠠᠨ ᠴᠢᠩᠭᠠᠳᠬᠠᠵᠤ᠂ ᠡᠬᠦᠷᠭᠡ ᠬᠠᠷᠢᠭᠤᠴᠠᠯᠭ᠎ᠠ ᠪᠠᠨ ᠲᠤᠲᠤᠷᠬᠠᠶᠢᠯᠠᠬᠤ ᠬᠡᠷᠡᠭᠲᠠᠢ᠃ ᠨᠡᠶᠢᠲᠠᠮ ᠪᠠᠶᠢᠴᠠᠭᠠᠯᠲᠠ ᠶᠢᠨ ᠠᠵᠢᠯ ᠤᠨ ᠠᠳᠠᠯᠢ ᠪᠤᠰᠤ ᠱᠠᠲᠤ ᠦᠶ᠎ᠡ ᠶᠢᠨ ᠠᠵᠢᠯ ᠤᠨ ᠭᠤᠤᠯᠳᠠᠯᠭ᠎ᠠ ᠶᠢ ᠦᠨᠳᠤᠰᠦᠯᠡᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠭ᠎ᠠ ᠬᠢᠵᠤ ᠤᠳᠤᠷᠢᠳᠤᠯᠭ᠎ᠠ ᠪᠠᠨ ᠴᠢᠬᠤᠯᠠᠴᠢᠯᠠᠨ ᠤᠯᠠᠨ ᠲᠦᠮᠡᠨ ᠤᠷᠤᠯᠴᠠᠵᠤ᠂ ᠨᠡᠶᠢᠭᠡᠮ ᠳᠠᠶᠠᠭᠠᠷ ᠠᠩᠬᠠᠷᠤᠨ ᠬᠠᠯᠠᠮᠵᠢᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠤᠳᠠᠲᠠᠢ ᠵᠦᠪ ᠤᠨᠤᠪᠴᠢᠲᠠᠢ ᠪᠠᠶᠢᠬᠤ ᠶᠢ ᠪᠠᠲᠤᠯᠠᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠶᠢ ᠲᠦᠷᠢᠮᠵᠢᠬᠦᠨ ᠪᠠᠶᠢᠯᠭᠠᠬᠤ ᠬᠡᠷᠡᠭᠲᠡᠢ ᠬᠡᠪᠡ᠃      ᠬᠤᠷᠠᠯ ᠳᠡᠭᠡᠷ᠎ᠡ᠂ ᠬᠤᠰᠢᠭᠤ ᠲᠤᠭ᠎ᠠ ᠪᠦᠷᠢᠳᠭᠡᠯ ᠤᠨ ᠳᠤᠪᠴᠢᠶᠠᠨ ᠤ ᠬᠠᠷᠢᠭᠤᠴᠠᠯᠭᠠᠲᠠᠨ ᠠᠴᠠ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠠᠮ ᠪᠠᠶᠢᠴᠠᠭᠠᠯᠲᠠ ᠶᠢᠨ ᠠᠵᠢᠯ ᠤᠨ ᠪᠠᠶᠢᠳᠠᠯ  ᠢ ᠨᠡᠶᠢᠲᠡᠯᠡᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠤ᠂ ᠬᠤᠰᠢᠭᠤ ᠠᠷᠠᠳ ᠤᠨ ᠵᠠᠰᠠᠭ ᠤᠨ ᠤᠷᠳᠤᠨ ᠡᠯ᠎ᠡ ᠰᠤᠮᠤ ᠪᠠᠯᠭᠠᠰᠤ ᠲᠠᠢ ᠠᠵᠢᠯ ᠤᠨ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠭᠰᠠᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号