ᠪᠠᠶᠠᠨᠴᠢᠮᠡᠭ ᠨᠠᠷ ᠲᠤᠬᠠᠢ ᠶᠢᠨ ᠭᠠᠵᠠᠷ ᠲᠤ ᠬᠦᠷᠴᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠢᠨᠠᠨ ᠵᠢᠯᠤᠭᠤᠲᠤᠯᠭ᠎ᠠ ᠬᠢᠪᠠ
ᠨᠡᠶᠢᠲᠡᠯᠡᠭᠰᠡᠨ ᠴᠠᠭ᠄
2018-09-11
     ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠦ ᠠᠷᠠᠳ  ᠤᠨ ᠠᠮᠢᠳᠤᠷᠠᠯ ᠤᠨ ᠶᠠᠰᠤ ᠴᠢᠨᠠᠷ ᠪᠠ ᠬᠤᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠶᠢᠨ ᠲᠦᠯᠦᠭᠡ 9 ᠰᠠᠷ᠎ᠠ ᠶᠢᠨ 3 ᠤ ᠡᠳᠦᠷ ᠬᠤᠰᠢᠭᠤ ᠲᠡᠳ᠋ ᠲᠠᠷᠤᠭ᠎ᠠ ᠪᠠᠶᠠᠨᠴᠢᠮᠡᠭ ᠬᠤᠰᠢᠭᠤ ᠤᠶᠤᠨ ᠤ ᠪᠤᠯᠪᠠᠰᠤᠨ ᠤ ᠠᠯᠪᠠᠨ ᠭᠡᠷ᠂ ᠭᠠᠯᠠᠭᠤᠲᠤ ᠪᠠᠯᠭᠠᠰᠤ᠂ ᠰᠢᠷᠬᠤᠰᠤ ᠨᠤᠭᠤ ᠭᠠᠵᠠᠷ ᠤᠨ ᠴᠡᠴᠡᠷᠯᠢᠭ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠢ ᠵᠤᠬᠢᠶᠠᠨ ᠪᠠᠶᠢᠭᠤᠯᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠲᠤᠯᠤᠯᠲᠠ ᠬᠢᠪᠠ᠃      ᠪᠠᠶᠠᠨᠴᠢᠮᠡᠭ ᠨᠠᠷ ᠨᠠᠷᠠᠨ ᠭᠡᠷᠡᠯ ᠰᠠᠭᠤᠭᠠᠯᠢ ᠠᠷᠠᠳ ᠤᠨ ᠲᠤᠭᠤᠷᠢᠭ᠂ ᠢ ᠯᠢᠨ ᠶᠤᠸᠠᠨ ᠰᠠᠭᠤᠭᠠᠯᠢ ᠠᠷᠠᠳ ᠤᠨ ᠲᠤᠭᠤᠷᠢᠭ᠂ ᠠᠷᠤ ᠴᠠᠶᠢᠵᠡ ᠲᠤᠰᠬᠤᠨ ᠵᠡᠷᠭᠡ ᠭᠤᠤᠯ ᠭᠠᠵᠠᠷ ᠤᠳ ᠢᠶᠠᠷ ᠬᠦᠷᠴᠤ ᠵᠡᠭᠡᠯᠢ ᠭᠤᠲᠤᠮᠵᠢ ᠶᠢᠨ ᠵᠠᠮ ᠤᠨ ᠬᠠᠲᠠᠭᠤᠵᠢᠭᠤᠯᠤᠯᠲᠠ ᠪᠠ ᠬᠤᠭ ᠨᠤᠪᠰᠢ ᠶᠢ ᠰᠶᠢᠳᠪᠦᠷᠢᠯᠡᠬᠦ᠂ ᠪᠤᠬᠢᠷ ᠪᠤᠲᠠᠰ ᠢ ᠭᠠᠲᠠᠭᠰᠢᠯᠠᠭᠤᠯᠬᠤ ᠵᠡᠷᠭᠡ ᠲᠠᠯ᠎ᠠ ᠪᠠᠷ ᠨᠠᠷᠢᠨ ᠤᠶᠢᠯᠠᠭᠠᠭᠰᠠᠨ ᠪᠠᠶᠢᠨ᠎ᠠ᠃ ᠰᠠᠭᠤᠭᠠᠯᠢ ᠠᠷᠠᠳ ᠤᠨ ᠲᠤᠭᠤᠷᠢᠭ ᠤᠨ ᠵᠠᠮ ᠤᠨ ᠬᠠᠲᠠᠭᠤᠵᠢᠭᠤᠯᠤᠯᠲᠠ ᠪᠠ ᠲᠤᠰᠤᠨ ᠤ ᠪᠤᠬᠢᠷᠳᠤᠯ ᠢ ᠰᠠᠯᠭᠠᠬᠤ ᠵᠡᠷᠭᠡ ᠠᠵᠢᠯ ᠳᠤ ᠴᠢᠭᠯᠡᠭᠦᠯᠦᠨ ᠪᠠᠶᠠᠨᠴᠢᠮᠡᠭ ᠱᠠᠭᠠᠷᠳᠠᠬᠤ ᠳᠤ ᠪᠠᠨ ᠡᠯ᠎ᠡ ᠰᠠᠯᠠᠭ᠎ᠠ ᠮᠦᠴᠢᠷ ᠬᠠᠷᠠᠯᠲᠠ ᠪᠠᠨ ᠲᠤᠳᠤᠷᠬᠠᠶᠢᠯᠠᠨ ᠰᠠᠨᠠᠭᠠᠴᠢᠯᠠᠭ᠎ᠠ  ᠲᠠᠢ ᠪᠠᠷ ᠠᠵᠢᠯᠯᠠᠵᠦ᠂ ᠬᠠᠮᠲᠤᠷᠠᠯᠴᠠᠭ᠎ᠠ ᠪᠠᠨ ᠴᠢᠩᠭᠠᠳᠬᠠᠨ ᠴᠠᠭ ᠲᠠᠷᠤᠢ ᠳᠤ ᠨᠢ ᠨᠠᠪᠲᠡᠷᠡᠯᠴᠡᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ ᠠᠵᠢᠯ ᠤᠨ ᠬᠤᠪᠢᠶᠠᠷᠢᠯᠠᠯ ᠢᠶᠠᠨ ᠨᠠᠶᠢᠲᠠᠪᠤᠷᠢᠵᠢᠭᠤᠯᠵᠦ ᠡᠭᠦᠷᠭᠡ ᠲᠤᠳᠤᠷᠬᠠᠢ ᠂ ᠪᠠᠶᠢᠳᠠᠯ ᠲᠤᠳᠤᠷᠬᠠᠢ᠂ ᠠᠵᠢᠯ ᠪᠤᠳᠠᠳᠠᠢ᠂ ᠦᠷ᠎ᠡ ᠪᠦᠲᠦᠮᠵᠢ ᠰᠠᠶᠢᠨ ᠪᠠᠶᠢᠬᠤ ᠶᠢ ᠪᠡᠶᠡᠯᠡᠬᠦᠯᠬᠦ ᠬᠡᠷᠡᠭᠲᠡᠢ ᠭᠡᠪᠡ᠃ ᠡᠬᠦᠨ ᠤ ᠬᠠᠮᠲᠤ ᠦᠭᠡᠷᠡᠴᠢᠯᠡᠯᠲᠡ ᠲᠤᠮᠲᠠ ᠠᠵᠢᠯ ᠤᠨ ᠠᠬᠢᠴᠠ ᠪᠠᠨ ᠲᠦᠷᠭᠡᠳᠬᠡᠨ᠂ ᠬᠡᠰᠡᠭ ᠬᠤᠪᠢᠶᠠᠨ ᠵᠠᠮ ᠤᠨ ᠬᠠᠲᠠᠭᠤᠵᠢᠭᠤᠯᠤᠯᠲᠠ ᠪᠠ ᠲᠤᠰᠤᠨ ᠤ ᠪᠤᠬᠢᠷᠳᠤᠯ ᠢ ᠰᠠᠯᠭᠠᠬᠤ ᠠᠵᠢᠯ ᠢ ᠰᠠᠶᠢᠲᠤᠷ ᠬᠢᠵᠦ ᠰᠠᠭᠤᠭᠠᠯᠢ ᠠᠷᠠᠳ ᠤᠨ ᠲᠤᠭᠤᠷᠢᠭ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠠᠵᠢᠯ ᠢ ᠲᠠᠷᠤᠢ ᠲᠦᠷᠭᠡᠨ ᠬᠢᠬᠦ ᠶᠢ ᠪᠠᠲᠤᠯᠠᠨ ᠮᠠᠨ ᠤ ᠬᠤᠰᠢᠭᠤᠨ ᠤ ᠪᠤᠯᠪᠠᠰᠤᠨ ᠬᠤᠲᠠ ᠶᠢ ᠡᠭᠦᠳᠬᠦ ᠠᠵᠢᠯ ᠳᠤ ᠢᠲᠡᠪᠬᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃     ᠪᠠᠶᠠᠨᠴᠢᠮᠡᠭ ᠱᠠᠭᠠᠷᠲᠠᠬᠤ ᠳᠤ ᠪᠠᠨ ᠡᠯ᠎ᠡ ᠪᠠᠶᠢᠭᠤᠯᠭ᠎ᠠ ᠨᠢᠭᠡᠴᠢ ᠲᠠᠭᠠᠭᠠᠴᠢᠯᠠᠵᠦ ᠠᠪᠤᠭᠰᠠᠨ ᠬᠤᠪᠢᠶᠠᠷᠢ ᠭᠡᠰᠡᠭ  ᠤᠨ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠪᠤᠯᠪᠠᠰᠤᠨ ᠬᠤᠲᠠ ᠶᠢᠨ ᠪᠠᠶᠢᠭᠤᠯᠤᠯᠲᠠ ᠳᠤ ᠪᠦᠬᠦ ᠠᠷᠠᠳ ᠢᠶᠠᠷ ᠢᠶᠠᠨ ᠣᠷᠣᠯᠴᠠᠭᠰᠠᠨ ᠠᠭᠤᠷ ᠠᠮᠢᠰᠬᠤᠯ ᠢ ᠪᠤᠢ ᠪᠤᠯᠭᠠᠵᠤ ᠦᠷᠭᠡᠨ ᠤᠯᠠᠨ ᠰᠠᠭᠤᠭᠠᠯᠢ ᠠᠷᠠᠳ ᠤᠨ ᠤᠷᠴᠢᠨ ᠠᠬᠤᠢ ᠶᠢ ᠬᠠᠮᠠᠭᠠᠯᠠᠬᠤ ᠤᠬᠠᠮᠰᠠᠷ ᠪᠤᠯᠤᠨ ᠪᠣᠯᠪᠠᠰᠤᠨ ᠬᠡᠪ ᠪᠤᠯᠪᠠᠰᠣᠷᠠᠯ ᠢ ᠲᠡᠭᠡᠭᠰᠢᠯᠡᠭᠦᠯᠤᠨ᠂ ᠨᠢᠭᠡᠨ ᠠᠷᠢᠭᠤᠨ ᠴᠠᠪᠡᠷ ᠪᠤᠯᠪᠠᠰᠤᠨ ᠰᠠᠶᠢᠬᠠᠨ ᠤᠷᠤᠰᠢᠨ ᠰᠠᠭᠤᠬᠤ ᠤᠷᠴᠢᠨ ᠲᠤᠭᠤᠷᠢᠨ ᠢ ᠪᠤᠢ ᠪᠤᠯᠭᠠᠵᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠡᠨ ᠳᠡᠯᠭᠡᠷ ᠬᠦᠨ ᠭᠦᠨᠵᠡᠭᠡᠢ ᠦᠷᠨᠢᠬᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠪᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号