9 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠷ ᠪᠦᠬᠦ ᠤᠷᠤᠨ | ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠪᠤᠯᠪᠠᠰᠤᠷᠠᠯ ᠵᠢᠴᠢ | ᠠᠬᠤᠢ ᠲᠠᠯᠠᠪᠠᠢ ᠶᠢᠨ ᠰᠤᠯᠢᠯᠴᠠᠭᠠᠨ ᠤ ᠬᠤᠷᠠᠯ ᠤᠨ ᠦᠵᠡᠭᠦᠯᠦᠯᠭᠡ ᠶᠢᠨ ᠴᠡᠭ ᠤᠨ ᠪᠡᠯᠡᠳᠬᠡᠯ ᠠᠵᠢᠯ ᠤᠨ ᠪᠠᠶᠢᠳᠠᠯ | ᠳᠤ ᠪᠠᠶᠢᠴᠠᠭᠠᠨ ᠵᠢᠯᠤᠭᠤᠳᠤᠯᠭ᠎ᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠢᠭᠡᠳᠦᠮᠡᠯ ᠹᠷᠤᠨᠲ ᠤᠨ ᠭᠡᠯᠲᠡᠰ ᠤᠨ ᠳᠠᠷᠤᠭ᠎ᠠ ᠠᠯᠲᠠᠠᠲᠤᠶᠠᠭᠠ᠂ ᠬᠤᠰᠢᠭᠤ ᠨᠠᠮ ᠤᠨ ᠬᠤᠷᠢᠶᠠᠨ ᠤ | ᠤᠬᠠᠭᠤᠯᠬᠤ ᠭᠡᠯᠲᠡᠰ᠂ ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠤᠪᠴᠢᠶ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃ | ᠡᠷᠳᠡᠨᠢᠪᠢᠯᠢᠭ ᠨᠠᠷ ᠤᠷᠢᠳ ᠬᠤᠵᠢᠳ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ᠂ | ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ᠂ ᠨᠠᠨᠳᠢᠨ ᠨᠡᠶᠢᠬᠡᠮ ᠲᠤᠭᠤᠷᠢᠭ ᠪᠤᠯᠤᠨ ᠲᠤᠭᠤᠷᠢᠮ | ᠭᠠᠴᠠᠭᠠᠨ ᠳᠤ ᠬᠦᠷᠴᠦ ᠡᠯ᠎ᠡ ᠦᠵᠡᠭᠦᠯᠦᠯᠭᠡ ᠶᠢᠨ ᠴᠡᠭ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ | ᠦᠵᠡᠭᠰᠡᠨ ᠤ ᠬᠠᠮᠲᠦ ᠦᠨᠡᠯᠡᠯᠲᠡ ᠵᠢᠯᠤᠭᠤᠳᠤᠯᠭ᠎ᠠ ᠬᠢᠪᠡ᠃ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠡᠷᠳᠡᠨᠢᠪᠢᠯᠢᠭ ᠵᠢᠭᠠᠬᠤ ᠳᠤ ᠪᠠᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠪᠤᠯ ᠪᠦᠬᠦ ᠬᠤᠰᠢᠭᠤᠨ ᠤ《 ᠵᠠᠰᠠᠭ ᠢ ᠴᠤᠮᠬᠤᠳᠬᠠᠨ ᠡᠷᠭᠡ | ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ | 》ᠦᠭᠡᠷᠡᠴᠢᠯᠡᠯᠲᠡ ᠶᠢᠨ ᠡᠮᠦᠨ᠎ᠡ ᠹᠷᠤᠨᠲ ᠪᠠᠶᠢᠵᠤ ᠮᠦᠨ ᠴᠤ ᠡᠯ᠎ᠡ ᠦᠨᠳᠦᠰᠦᠲᠡᠨ ᠤ ᠠᠷᠠᠳ ᠲᠦᠮᠡᠨ ᠤ | ᠤᠴᠢᠷ ᠶᠠᠪᠤᠳᠠᠯ ᠢ ᠡᠷᠬᠢᠯᠡᠵᠤ ᠪᠦᠲᠦᠭᠡᠲᠡᠭ ᠭᠠᠵᠠᠷ ᠪᠤᠯᠬᠤ ᠶᠤᠮ᠂ ᠡᠯ᠎ᠡ ᠦᠢᠯᠡᠴᠢᠯᠡᠭᠡᠨ ᠤ ᠪᠠᠶᠢᠭᠤᠯᠭ᠎ᠠ ᠨᠢᠭᠡᠴᠢ | ᠶᠢᠨ ᠬᠢᠨ ᠡᠷᠬᠡᠪᠰᠢ ᠦᠢᠯᠡᠴᠢᠯᠡᠭᠡᠨ ᠤ ᠪᠠᠷᠢᠮᠵᠢᠶ᠎ᠠ ᠪᠠᠨ ᠳᠡᠭᠡᠭᠰᠢᠯᠡᠭᠦᠯᠵᠤ ᠪᠦᠬᠦ ᠬᠤᠰᠢᠭᠤᠨ ᠤ ᠤᠯᠠᠨ ᠳᠠᠶᠠᠭᠠᠷ | ᠤᠨ ᠰᠢᠯᠢᠳᠡᠭ ᠰᠠᠶᠢᠨ ᠴᠤᠭ ᠵᠢᠪᠬᠤᠭᠠᠯᠢᠭ ᠳᠦᠷᠢ ᠳᠦᠷᠬᠦ ᠶᠢ ᠢᠯᠡᠷᠡᠭᠦᠯᠬᠦ ᠬᠡᠷᠡᠭᠲᠡᠢ᠃ ᠲᠠᠶᠢᠯᠪᠤᠷᠢᠯᠠᠭᠴᠢ ᠶᠢᠨ | ᠶᠡᠷᠦᠩᠬᠡᠶᠢᠯᠡᠭᠰᠡᠨ ᠬᠡᠪ ᠪᠤᠯᠪᠠᠰᠤᠷᠠᠯ ᠪᠤᠯᠤᠨ ᠶᠠᠷᠢᠶᠠᠨ ᠤ ᠨᠤᠤᠷᠠᠭ ᠤᠨ ᠠᠭᠤᠯᠭ᠎ᠠ ᠶᠢ ᠰᠢᠯᠢᠳᠡᠭᠵᠢᠭᠦᠯᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠬᠦ | ᠬᠤᠰᠢᠭᠤᠨ ᠤ ᠡᠯ᠎ᠡ ᠲᠠᠯ᠎ᠠ ᠶᠢᠨ ᠠᠵᠢᠯ ᠯᠤᠭ᠎ᠠ ᠠᠭᠤᠰᠤᠯᠴᠠᠭᠤᠯᠬᠤ ᠬᠡᠷᠡᠭᠲᠡᠢ ᠬᠡᠪᠡ᠃ | ᠰᠤᠶᠤᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠳᠤ ᠡᠷᠳᠡᠨᠢᠪᠢᠯᠢᠭ ᠵᠢᠭᠠᠬᠤ ᠳᠤ ᠪᠠᠨ᠂ ᠠᠵᠤ | ᠦᠢᠯᠡᠰ ᠤᠨ ᠬᠦᠷᠢᠶᠡᠯᠡᠩ ᠤᠨ ᠲᠤᠳᠤᠭᠠᠳᠤᠬᠢ ᠦᠵᠡᠭᠦᠯᠦᠯᠭᠡ ᠶᠢᠨ ᠵᠠᠮ ᠱᠤᠭᠤᠮ ᠢ ᠰᠠᠶᠢᠲᠤᠷ ᠲᠦᠯᠦᠪᠵᠢᠭᠦᠯᠵᠤ | ᠦᠨᠳᠦᠰᠦᠲᠡᠨ ᠤ ᠤᠨᠴᠠᠯᠢᠭᠲᠦ ᠲᠠᠸᠠᠷ᠂ ᠤᠷᠤᠨ ᠨᠤᠲᠤᠭ ᠤᠨ ᠲᠠᠷᠢᠶᠠᠯᠠᠩ ᠤᠨ ᠪᠦᠲᠦᠭᠡᠭᠲᠡᠭᠦᠨ᠂ ᠪᠤᠳᠠᠰ ᠤᠨ | ᠪᠤᠰᠤ ᠰᠤᠶᠤᠯ ᠤᠨ ᠦᠯᠡᠳᠡᠭᠲᠡᠯ ᠢ ᠲᠡᠯᠭᠡᠨ ᠦᠵᠡᠬᠦᠯᠬᠦ ᠳᠡᠭᠡᠷ᠎ᠡ ᠬᠦᠴᠦ ᠲᠠᠯᠪᠢᠵᠤ᠂ ᠦᠦᠰᠢᠨ ᠤ ᠴᠢᠨᠠᠷ ᠰᠠᠶᠢᠲᠠᠢ | ᠬᠦᠭᠵᠢᠯᠲᠡ ᠶᠢ ᠢᠯᠡᠷᠡᠬᠦᠯᠬᠦ ᠶᠢᠨ ᠵᠡᠷᠭᠡᠪᠡᠷ ᠡᠯ᠎ᠡ ᠦᠨᠳᠦᠰᠦᠲᠡᠨ ᠤ ᠰᠤᠶᠤᠯ ᠤᠨ ᠦᠢᠯᠡᠰ ᠤᠨ ᠪᠠᠲᠠᠷᠠᠨ | ᠬᠦᠭᠵᠢᠭᠰᠡᠨ ᠪᠠᠶᠢᠳᠠᠯ ᠢ ᠢᠯᠡᠷᠡᠬᠦᠯᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠦᠲᠦᠭᠡᠯᠲᠡ | ᠶᠢᠨ ᠲᠠᠪᠴᠠᠩ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠩ ᠤᠯᠠᠨ ᠤᠶᠤᠳᠠᠳ ᠢ ᠳᠠᠶᠢᠴᠢᠯᠠᠨ | ᠰᠢᠨ᠎ᠡ ᠶᠢ ᠡᠭᠦᠳᠦᠨ ᠦᠢᠯᠡᠰ ᠪᠤᠰᠬᠠᠭᠤᠯᠬᠤ ᠬᠡᠷᠡᠭᠲᠡᠢ᠃ ᠬᠦᠳᠡᠭᠡ ᠲᠤᠰᠬᠤᠨ ᠤ ᠰᠢᠯᠢᠳᠡᠭ ᠴᠢᠨᠠᠷ ᠤᠨ ᠲᠠᠸᠠᠷ ᠤᠨ | ᠪᠦᠲᠦᠭᠡᠭᠲᠡᠭᠦᠨ ᠢ ᠲᠡᠯᠭᠡᠨ ᠦᠵᠡᠭᠦᠯᠵᠤ᠂ ᠰᠤᠶᠤᠯ ᠵᠢᠭᠤᠯᠴᠢᠯᠠᠯ ᠤᠨ ᠦᠢᠯᠡᠰ ᠤᠨ ᠤᠶᠠᠯᠳᠤᠭᠰᠠᠨ ᠬᠦᠭᠵᠢᠯᠲᠡ | ᠯᠤᠭ᠎ᠠ ᠤᠶᠠᠯᠳᠤᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠳᠤ ᠳᠡᠮᠵᠢᠯᠭᠡ ᠦᠵᠡᠬᠦᠯᠬᠦ ᠬᠡᠷᠡᠭᠲᠡᠢ ᠬᠡᠪᠡ᠃ | ᠡᠷᠳᠡᠨᠢᠪᠢᠯᠢᠭ ᠨᠠᠨᠳᠢᠨ ᠨᠡᠶᠢᠬᠡᠮ ᠲᠤᠭᠤᠷᠢᠭ ᠢᠶᠠᠷ ᠪᠠᠶᠢᠴᠠᠭᠠᠨ ᠰᠤᠳᠤᠯᠬᠤ ᠦᠶᠡᠰ ᠵᠢᠭᠠᠬᠤ ᠳᠤ ᠪᠠᠨ᠂ | ᠨᠠᠨᠳᠢᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠤᠯᠠᠩᠬᠢ ᠨᠢ ᠨᠡᠭᠦᠳᠡᠯ ᠮᠠᠯᠴᠢᠨ ᠲᠠᠷᠢᠶᠠᠴᠢᠨ ᠪᠤᠯᠬᠤ | ᠶᠤᠮ᠃ ᠳᠡᠲᠡᠨ ᠤ ᠵᠤᠯ ᠵᠢᠷᠭᠠᠯᠲᠦ ᠲᠦᠷᠦᠭᠲᠡᠯ᠂ ᠬᠦᠷᠳᠡᠭᠡᠮᠵᠢ ᠶᠢᠨ ᠲᠦᠷᠦᠭᠲᠡᠯ᠂ ᠠᠮᠤᠷ ᠲᠠᠶᠢᠪᠤᠩ ᠪᠠᠶᠢᠬᠤ | ᠰᠡᠳᠬᠢᠭᠲᠡᠯ ᠪᠤᠯ ᠨᠡᠶᠢᠬᠡᠮ ᠲᠤᠭᠤᠷᠢᠭ ᠤᠨ ᠡᠯ᠎ᠡ ᠲᠠᠯ᠎ᠠ ᠶᠢᠨ ᠠᠵᠢᠯ ᠢ ᠲᠤᠭᠤᠰᠢᠯᠠᠭᠤᠯᠵᠤ ᠪᠠᠶᠢᠭ᠎ᠠ ᠪᠠᠶᠢᠳᠠᠯ ᠢ | ᠬᠢᠨᠠᠨ ᠰᠢᠯᠭᠠᠬᠤ ᠪᠠᠷᠢᠮᠵᠢᠶ᠎ᠠ ᠮᠦᠷᠲᠡᠭᠡᠨ ᠨᠡᠶᠢᠬᠡᠮ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠤᠨ ᠠᠵᠢᠯ ᠢ | ᠬᠢᠨᠠᠨ ᠰᠢᠯᠭᠠᠬᠤ ᠪᠠᠷᠢᠮᠵᠢᠶ᠎ᠠ ᠪᠤᠯᠬᠤ ᠶᠤᠮ᠃ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠢ | ᠴᠢᠩᠭᠠᠳᠬᠠᠨ ᠤᠨᠴᠠᠯᠢᠭᠲᠦ ᠠᠵᠤ ᠦᠢᠯᠡᠰ ᠢ ᠬᠦᠭᠵᠢᠭᠦᠯᠵᠤ᠂ ᠨᠡᠭᠦᠳᠡᠯ ᠮᠠᠯᠴᠢᠨ ᠲᠠᠷᠢᠶᠠᠴᠢᠨ ᠤ ᠠᠵᠢᠯ ᠤᠯᠭᠤᠯᠲᠠ | ᠂ ᠨᠠᠰᠤᠲᠠᠨ ᠤ ᠠᠰᠠᠷᠠᠮᠵᠢ᠂ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠬᠤ ᠵᠡᠷᠭᠡ ᠠᠰᠠᠭᠤᠳᠠᠯ ᠢ ᠴᠢᠷᠮᠠᠶᠢᠨ | ᠰᠢᠢᠳᠪᠦᠷᠢᠯᠡᠬᠦ ᠬᠡᠷᠡᠭᠲᠡᠢ ᠭᠡᠵᠡᠢ᠃ | ᠲᠤᠭᠤᠷᠢᠮ ᠭᠠᠴᠠᠭᠠᠨ ᠳᠤ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠲᠤᠭᠤᠷᠢᠮ ᠭᠠᠴᠠᠭ᠎ᠠ ᠪᠤᠯ ᠪᠦᠬᠦ | ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠡᠯ᠎ᠡ ᠦᠨᠳᠦᠰᠦᠲᠡᠨ ᠬᠠᠮᠲᠤᠪᠠᠷ ᠬᠦᠭᠵᠢᠭᠰᠡᠨ ᠪᠠᠶᠢᠳᠠᠯ ᠢ | ᠲᠦᠪᠯᠡᠷᠡᠩᠭᠦᠢ ᠲᠤᠰᠬᠠᠵᠤ ᠪᠠᠶᠢᠭ᠎ᠠ ᠭᠠᠵᠠᠷ ᠪᠤᠯᠬᠤ ᠶᠤᠮ᠃ ᠡᠷᠬᠡᠪᠰᠢ ᠪᠦᠬᠦᠯᠢ ᠴᠤᠭᠴᠠ ᠪᠤᠯᠤᠨ ᠭᠡᠰᠡᠭ ᠲᠠᠯ᠎ᠠ | ᠶᠢᠨ ᠬᠠᠷᠢᠴᠠᠭ᠎ᠠ ᠶᠢ ᠰᠠᠶᠢᠲᠤᠷ ᠠᠳᠬᠤᠵᠤ ᠪᠦᠬᠦ ᠬᠤᠰᠢᠭᠤᠨ ᠤ ᠡᠯ᠎ᠡ ᠭᠠᠵᠠᠷ ᠤᠷᠤᠨ ᠤ ᠡᠯ᠎ᠡ ᠦᠨᠳᠦᠰᠦᠲᠡᠨ ᠤ | ᠪᠦᠯᠬᠦᠮᠳᠡᠯ ᠳᠠᠪᠰᠢᠯᠲᠠ᠂ ᠦᠨᠳᠦᠰᠦᠲᠡᠨ ᠤ ᠡᠮ ᠡᠮᠨᠡᠯᠭᠡ᠂ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ | ᠵᠡᠷᠭᠡ ᠶᠢᠨ ᠪᠠᠶᠢᠳᠠᠯ ᠢ ᠳᠤᠪᠤᠶᠢᠮ᠎ᠠ ᠢᠯᠡᠷᠡᠭᠦᠯᠬᠦ ᠬᠡᠷᠡᠭᠲᠡᠢ ᠬᠡᠪᠡ᠃ | ᠪᠠᠶᠢᠴᠠᠭᠠᠨ ᠰᠤᠳᠤᠯᠤᠯᠲᠠ ᠳᠤᠮᠲᠠ ᠡᠷᠳᠡᠨᠢᠪᠢᠯᠢᠭ ᠵᠢᠭᠠᠬᠤ ᠳᠤ ᠪᠠᠨ᠂ ᠲᠤᠰ ᠤᠳᠠᠭᠠᠨ ᠤ ᠪᠦᠬᠦ ᠤᠷᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠪᠤᠯᠪᠠᠰᠤᠷᠠᠯ ᠵᠢᠴᠢ | ᠠᠬᠤᠢ ᠲᠠᠯᠠᠪᠠᠢ ᠶᠢᠨ ᠰᠤᠯᠢᠯᠴᠠᠭᠠᠨ ᠤ ᠬᠤᠷᠠᠯ ᠤᠨ ᠦᠵᠡᠭᠦᠯᠦᠯᠭᠡ ᠶᠢᠨ ᠴᠡᠭ ᠤᠨ ᠵᠠᠮ ᠱᠤᠭᠤᠮ ᠢ ᠵᠤᠬᠢᠰᠲᠠᠢ | ᠲᠦᠯᠦᠪᠵᠢᠭᠦᠯᠬᠦ ᠨᠢ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠦᠢᠴᠡᠳ | ᠢᠯᠡᠷᠡᠬᠦᠯᠬᠦ ᠮᠦᠷᠲᠡᠭᠡᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ᠂ ᠰᠤᠶᠤᠯ ᠤᠨ ᠠᠵᠤ | ᠦᠢᠯᠡᠰ ᠤᠨ ᠪᠠᠳᠠᠷᠠᠯ ᠬᠦᠭᠵᠢᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠵᠡᠷᠭᠡ ᠡᠯ᠎ᠡ ᠲᠠᠯ᠎ᠠ ᠶᠢᠨ | ᠠᠵᠢᠯ ᠢ ᠢᠯᠡᠷᠡᠭᠦᠯᠵᠤ ᠳᠡᠶᠢᠯᠬᠦ ᠶᠤᠮ᠃ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠠᠵᠢᠯ ᠪᠤᠯᠤᠨ ᠰᠢᠯᠢᠳᠡᠭ ᠰᠠᠶᠢᠨ ᠴᠤᠭ ᠵᠢᠪᠬᠤᠭᠠᠯᠢᠭ ᠳᠦᠷᠢ ᠳᠦᠷᠬᠦ ᠶᠢ ᠭᠡᠷᠬᠢᠨ ᠨᠡᠩ ᠰᠠᠶᠢᠨ ᠢᠯᠡᠷᠡᠬᠦᠯᠬᠦ ᠳᠤ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠴᠢᠷᠮᠠᠶᠢᠯᠭ᠎ᠠ᠂ ᠤᠯᠠᠨ ᠤ ᠤᠬᠠᠭᠠᠨ ᠬᠠᠮᠲᠦ ᠶᠢᠨ ᠬᠦᠴᠦᠨ | ᠵᠢᠴᠢ ᠡᠯ᠎ᠡ ᠲᠠᠯ᠎ᠠ ᠶᠢᠨ ᠪᠡᠯᠡᠳᠬᠡᠯ ᠠᠵᠢᠯ ᠢ ᠨᠡᠩ ᠨᠠᠷᠢᠯᠢᠭ ᠪᠡᠶᠡᠯᠡᠬᠦᠯᠬᠦ ᠴᠢᠬᠤᠯᠠᠲᠠᠢ ᠶᠤᠮ᠃ ᠡᠭᠦᠨ ᠤ ᠬᠠᠮᠲᠦ | ᠲᠤᠰ ᠤᠳᠠᠭᠠᠨ ᠤ ᠰᠤᠯᠢᠯᠴᠠᠭᠠᠨ ᠤ ᠬᠤᠷᠠᠯ ᠢᠶᠠᠷ ᠲᠤᠬᠢᠶᠠᠯ ᠪᠤᠯᠭᠠᠵᠤ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠤᠨ ᠳᠠᠭᠤᠷᠢᠶᠠᠯ ᠬᠤᠰᠢᠭᠤ ᠪᠤᠯᠭᠠᠨ ᠡᠭᠦᠳᠦᠨ ᠪᠠᠶᠢᠭᠤᠯᠬᠤ ᠡᠯ᠎ᠡ ᠲᠠᠯ᠎ᠠ ᠶᠢᠨ ᠠᠵᠢᠯ ᠢ ᠨᠡᠩ ᠬᠦᠨᠵᠡᠭᠡᠢ | ᠶᠠᠪᠤᠭᠳᠠᠭᠤᠯᠬᠤ ᠬᠡᠷᠡᠭᠲᠡᠢ ᠬᠡᠪᠡ᠃ |