ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠡᠰᠡᠭ ᠪᠠᠭᠰᠢ ᠠᠵᠢᠯᠳᠠᠨ ᠪᠠ ᠠᠵᠢᠯ ᠠᠴᠠ  ᠪᠠᠨ ᠠᠮᠠᠷᠠᠭᠰᠠᠨ ᠪᠠᠭᠰᠢ ᠶᠢ ᠪᠣᠯᠭᠤᠭᠠᠨ ᠳᠣᠬᠤᠨᠢᠭᠤᠯᠵᠣ ᠪᠦᠬᠦ ᠬᠤᠰᠢᠭᠤᠨ ᠤ ᠪᠠᠭᠰᠢ ᠠᠵᠢᠯᠳᠠᠨ ᠳᠤ ᠪᠠᠶᠠᠷ ᠤᠨ ᠡᠳᠦᠷ ᠤᠨ ᠮᠠᠨᠳᠣᠴᠢᠯᠠᠯ ᠳᠠᠪᠰᠢᠬᠦᠯᠪᠠ
ᠨᠡᠶᠢᠲᠡᠯᠡᠭᠰᠡᠨ ᠴᠠᠭ᠄
2018-09-11
     9 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠡᠰᠡᠭ ᠪᠠᠭᠰᠢ ᠠᠵᠢᠯᠳᠠᠨ ᠪᠠ ᠠᠵᠢᠯ ᠠᠴᠠ ᠪᠠᠨ ᠠᠮᠠᠷᠠᠭᠰᠠᠨ ᠪᠠᠭᠰᠢ ᠶᠢ ᠪᠣᠯᠭᠤᠭᠠᠨ ᠳᠣᠬᠤᠨᠢᠭᠤᠯᠵᠣ ᠪᠦᠬᠦ ᠬᠤᠰᠢᠭᠤᠨ ᠤ ᠪᠠᠭᠰᠢ ᠠᠵᠢᠯᠳᠠᠨ ᠳᠤ ᠪᠠᠶᠠᠷ ᠤᠨ ᠡᠳᠦᠷ ᠤᠨ ᠮᠠᠨᠳᠣᠴᠢᠯᠠᠯ ᠢ ᠳᠠᠪᠰᠢᠬᠦᠯᠥᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠬᠡᠷ ᠤᠨ ᠡᠷᠬᠢᠯᠡᠭᠴᠢ ᠵᠣᠣ ᠶᠥᠩ ᠹᠧᠩ᠂ ᠬᠤᠰᠢᠭᠤ ᠰᠣᠷᠭᠠᠨ ᠬᠦᠮᠦᠵᠢᠯ ᠤᠨ ᠳᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠳᠠᠨ ᠪᠠᠷᠠᠳᠠᠨ ᠪᠣᠯᠭᠤᠭᠠᠨ ᠳᠣᠬᠤᠨᠢᠭᠤᠯᠪᠠ᠃      ᠡᠷᠳᠠᠨᠢᠪᠢᠯᠢᠭ᠌ ᠨᠡᠷ ᠳᠠᠮᠣᠷ᠎ᠠ ᠪᠠᠭᠰᠢ ᠪᠠ ᠠᠵᠢᠯ ᠠᠴᠠ ᠪᠠᠨ ᠠᠮᠠᠷᠠᠭᠰᠠᠨ ᠪᠠᠭᠰᠢ ᠰᠢᠦᠢ ᠹᠧᠩ ᠯᠢ ᠶᠢᠨ ᠬᠢᠨ  ᠤ ᠬᠡᠷ ᠢᠶᠠᠷ ᠬᠦᠷᠴᠣ᠂ ᠳᠠᠳᠠᠨ ᠤ ᠠᠵᠢᠯ ᠣᠶᠢᠯᠡᠰ ᠠᠵᠣ ᠠᠮᠢᠳᠣᠷᠠᠯ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠳᠣ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠬᠡᠯᠡᠨ ᠰᠣᠷᠭᠠᠨ ᠬᠦᠮᠦᠵᠢᠯ ᠤᠨ ᠣᠶᠢᠯᠡᠰ ᠤᠨ ᠲᠥᠯᠥᠬᠡ ᠰᠢᠷᠭᠠᠭᠤ ᠬᠠᠳᠠᠭᠤᠵᠢᠯᠳᠠᠢ ᠠᠵᠢᠯᠯᠠᠵᠣ ᠭᠤᠶᠠᠴᠢ ᠦᠬᠡᠢ ᠵᠢᠳᠬᠦᠭᠰᠡᠨ ᠳᠤ ᠨᠢ ᠴᠢᠩ ᠰᠠᠳᠬᠢᠯ ᠤᠨ ᠳᠠᠯᠠᠷᠬᠠᠯ ᠪᠠ ᠪᠠᠶᠠᠷ ᠤᠨ ᠡᠳᠦᠷ ᠤᠨ ᠮᠠᠨᠳᠣᠴᠢᠯᠠᠯ ᠢ ᠳᠠᠪᠰᠢᠬᠦᠯᠦᠭᠰᠡᠨ ᠪᠠᠶᠢᠨ᠎ᠠ᠃      ᠳᠠᠮᠣᠷ᠎ᠠ ᠪᠠᠭᠰᠢ ᠶᠢᠨ ᠬᠡᠷ ᠲᠤ ᠦᠪᠡᠷᠳᠡᠬᠡᠨ ᠵᠠᠰᠠᠬᠤ ᠣᠷᠣᠨ ᠤ ︽ᠳᠠᠯ᠎ᠠ ᠨᠣᠳᠤᠭ ᠤᠨ ᠰᠣᠳᠣ ᠪᠢᠯᠢᠭᠳᠡᠨ︾ ᠤ ᠦᠨᠡᠮᠯᠠᠯ ᠪᠠ ᠪᠦᠬᠦ ᠣᠯᠣᠰ ᠤᠨ ᠰᠢᠯᠢᠳᠡᠭ ᠪᠠᠭᠰᠢ ᠶᠢᠨ ᠢᠷᠡᠭᠤ ᠠᠯᠳᠠᠷ ᠢ ᠬᠦᠷᠳᠡᠬᠦ ᠦᠶᠡᠰ ᠤᠨ ᠰᠠᠬᠦᠳᠡᠷ  ᠨᠢ ᠣᠯᠠᠨ ᠤ ᠬᠠᠷᠠᠭ᠎ᠠ ᠶᠢ ᠪᠣᠯᠢᠶᠠᠵᠣ᠂ ᠡᠷᠳᠠᠨᠢᠪᠢᠯᠢᠭ᠌ ᠳᠠᠮᠣᠷ᠎ᠠ ᠪᠠᠭᠰᠢ ᠲᠠᠢ ᠰᠣᠷᠭᠠᠨ ᠬᠦᠮᠦᠵᠢᠯ ᠤᠨ ᠠᠵᠢᠯ ᠤᠨ ᠳᠣᠬᠠᠢ ᠨᠠᠷᠢᠨ ᠶᠠᠷᠢᠯᠴᠠᠪᠠ᠃ ᠡᠷᠳᠡᠨᠢᠪᠢᠯᠢᠭ ᠵᠢᠭᠠᠵᠣ ᠭᠠᠷᠭᠠᠬᠤ ᠳᠠᠭᠠᠨ ᠣᠶᠢᠷ᠎ᠠ ᠶᠢᠨ ᠵᠢᠯ ᠳᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠰᠣᠷᠭᠠᠨ ᠬᠦᠮᠦᠵᠢᠯ ᠤᠨ ᠠᠵᠢᠯ ᠣᠶᠢᠯᠡᠰ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠨ ᠰᠣᠷᠭᠠᠨ ᠬᠦᠮᠦᠵᠢᠯ ᠢ ᠬᠦᠭᠵᠢᠬᠦᠯᠬᠦ ᠶᠢ ᠢᠮᠠᠭᠳᠠ ᠳᠡᠷᠢᠬᠦᠨ ᠪᠠᠶᠢᠷᠢᠨ ᠳᠤ ᠳᠠᠯᠪᠢᠬᠤ ᠶᠢᠨ ᠬᠠᠮᠳᠣ ᠰᠣᠷᠭᠠᠨ ᠬᠦᠮᠦᠵᠢᠯ ᠤᠨ ᠣᠶᠢᠯᠡᠰ ᠢ ᠦᠩᠬᠡᠷᠡᠭᠰᠡᠨ ᠲᠠᠢ ᠪᠠᠨ ᠠᠳᠠᠯᠢ ᠳᠠᠮᠵᠢᠵᠣ ᠰᠣᠷᠭᠠᠨ ᠬᠦᠮᠦᠵᠢᠯ ᠤᠨ ᠣᠶᠢᠯᠠᠭᠠᠭᠳᠠᠬᠤᠨ ᠢ ᠰᠢᠨᠡᠴᠢᠯᠠᠵᠤ ᠪᠠᠭᠰᠢ ᠶᠢᠨ ᠡᠩᠨᠡᠬᠡᠨ ᠤ ᠪᠠᠶᠢᠭᠤᠯᠣᠯᠳᠠ ᠶᠢ ᠴᠢᠩᠭᠠᠳᠬᠠᠨ ᠠᠷᠠᠳ ᠲᠦᠮᠡᠨ ᠤ ᠰᠠᠳᠬᠢᠯ ᠬᠠᠨᠣᠮᠵᠢᠳᠡᠢ ᠪᠠᠶᠢᠬᠤ ᠰᠣᠷᠭᠠᠨ ᠬᠦᠮᠦᠵᠢᠯ ᠢ ᠡᠷᠬᠢᠯᠡᠬᠦ ᠬᠡᠷᠡᠭᠳᠡᠢ᠃ ᠦᠷᠬᠡᠨ ᠣᠯᠠᠨ ᠰᠣᠷᠭᠠᠨ ᠬᠦᠮᠦᠵᠢᠯ  ᠤᠨ ᠪᠠᠭᠰᠢ ᠠᠵᠢᠯᠳᠠᠨ ᠦᠷᠬᠦᠯᠵᠢᠯᠠᠨ ᠴᠢᠷᠮᠡᠶᠢᠵᠣ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠣᠶᠢᠯᠡᠰ ᠤᠨ ᠳᠠᠪᠰᠢᠯᠳᠠ ᠶᠢ ᠬᠠᠮᠳᠣᠪᠡᠷ ᠠᠬᠢᠭᠤᠯᠬᠤ ᠶᠢ ᠬᠦᠰᠡᠵᠤ ᠪᠠᠶᠢᠨ᠎ᠠ ᠬᠡᠪᠡ᠃      ᠠᠵᠢᠯ ᠠᠴᠠ ᠪᠠᠨ ᠠᠮᠠᠷᠠᠭᠰᠠᠨ ᠪᠠᠭᠰᠢ ᠰᠢᠦᠢ ᠹᠧᠩ ᠯᠢ ᠪᠣᠯ ᠦᠣᠰᠢᠨ ᠬᠤᠰᠢᠭᠤᠨ ᠤ ᠰᠣᠷᠭᠠᠨ ᠬᠦᠮᠦᠵᠢᠯ  ᠤᠨ ᠠᠵᠢᠯ ᠤᠨ ᠹᠷᠣᠨᠲ ᠳᠡᠬᠡᠷ᠎ᠡ ᠲᠦᠴᠢᠨ ᠵᠢᠯ ᠠᠵᠢᠯᠯᠠᠭᠰᠠᠨ ᠪᠠᠭᠰᠢ ᠨᠡᠷ ᠤᠨ ᠨᠢᠬᠡ ᠨᠢ ᠪᠢᠯᠠ᠃ ᠰᠢᠦᠢ ᠹᠧᠩ ᠯᠢ ᠪᠠᠭᠰᠢ ᠶᠢᠨ ᠬᠢᠨ ᠳᠤ ᠡᠷᠳᠠᠨᠢᠪᠢᠯᠢᠭ᠌ ᠳᠡᠬᠦᠨ ᠲᠠᠢ ᠰᠠᠳᠬᠢᠯ ᠵᠢᠷᠦᠬᠡᠨ ᠤ ᠦᠬᠡ ᠪᠠᠨ ᠶᠠᠷᠢᠯᠴᠠᠨ ᠦᠣᠰᠢᠨ ᠬᠤᠰᠢᠭᠤᠨ ᠤ ᠰᠣᠷᠭᠠᠨ ᠬᠦᠮᠦᠵᠢᠯ ᠤᠨ ᠣᠶᠢᠯᠡᠰ ᠲᠤ ᠬᠤᠪᠢ ᠨᠠᠮᠠᠷᠢ ᠦᠵᠡᠬᠦᠯᠥᠭᠰᠡᠨ ᠳᠤᠨᠢ ᠳᠠᠯᠠᠷᠬᠠᠭᠰᠠᠨ ᠤ ᠬᠠᠮᠳᠣ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠦᠩᠬᠡᠷᠡᠭᠰᠡᠨ ᠲᠠᠢ ᠠᠳᠠᠯᠢ ᠪᠠᠷ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠢ ᠳᠠᠮᠵᠢᠵᠣ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠪᠠ ᠰᠣᠷᠭᠠᠨ ᠬᠦᠮᠦᠵᠢᠯ ᠤᠨ ᠣᠶᠢᠯᠡᠰ ᠤᠨ ᠳᠠᠪᠰᠢᠯᠳᠡ ᠳᠤ ᠠᠷᠭ᠎ᠠ ᠪᠣᠳᠣᠯᠭ᠎ᠠ ᠪᠠᠨ ᠳᠠᠪᠰᠢᠬᠦᠯᠬᠦ ᠶᠢ ᠬᠦᠰᠡᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠤᠨ ᠠᠵᠣ ᠠᠮᠢᠳᠣᠷᠠᠯ ᠤᠨ ᠪᠠᠶᠢᠳᠠᠯ ᠢ ᠴᠠᠭ ᠢᠮᠠᠭᠳᠠ ᠠᠩᠬᠠᠷᠴᠣ ᠣᠶᠢᠯᠡᠴᠢᠯᠡᠬᠡᠨ ᠤ ᠪᠠᠳᠣᠯᠠᠭ᠎ᠠ ᠶᠢᠨ ᠠᠵᠢᠯ ᠢ ᠰᠠᠶᠢᠳᠣᠷ ᠬᠢᠵᠣ ᠪᠠᠭᠰᠢ ᠶᠢᠨ ᠠᠵᠢᠯ ᠢ ᠬᠦᠮᠦᠨ ᠪᠣᠯᠭᠠᠨ ᠬᠠᠶᠢᠷᠠᠯᠠᠨ ᠬᠦᠨᠳᠣᠳᠬᠡᠳᠡᠭ ᠠᠵᠢᠯ ᠪᠣᠯᠭᠠᠬᠤ ᠬᠡᠷᠡᠭᠳᠡᠢ ᠬᠡᠪᠡ᠃      ᠪᠣᠯᠭᠤᠭᠠᠨ ᠳᠣᠬᠤᠨᠢᠭᠤᠯᠬᠤ ᠠᠵᠢᠯᠯᠠᠭ᠎ᠠ ᠳᠠᠭᠤᠰᠣᠭᠰᠠᠨ ᠤ ᠳᠠᠷᠠᠭ᠎ᠠ ︽ᠰᠢᠨ᠎ᠡ ᠡᠬᠡ ᠳᠡᠯᠡᠬᠡᠢ︾ ᠬᠡᠣᠬᠡᠳ  ᠤᠨ ᠴᠡᠴᠡᠷᠯᠢᠭ ᠲᠤ ᠬᠦᠷᠴᠣ ᠠᠷᠠᠳ ᠠᠴᠠ ᠡᠷᠬᠢᠯᠡᠭᠰᠡᠨ ᠬᠡᠣᠬᠡᠳ ᠤᠨ ᠴᠡᠴᠡᠷᠯᠢᠭ ᠤᠨ ᠪᠠᠶᠢᠳᠠᠯ ᠪᠠ ᠪᠠᠭᠰᠢ ᠠᠵᠢᠯᠳᠠᠨ ᠤ ᠳᠣᠬᠢᠷᠠᠭᠤᠯᠣᠯᠳᠠ ᠵᠡᠷᠬᠡ ᠪᠠᠶᠢᠳᠠᠯ ᠢ ᠨᠠᠷᠢᠨ ᠣᠶᠢᠯᠠᠭᠠᠭᠰᠠᠨ ᠪᠠᠶᠢᠨ᠎ᠠ᠃
 
ᠢᠷᠡᠯᠲᠡ᠄ ᠲᠤᠰ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号