ᠤᠷᠳᠤᠰ ᠬᠤᠳᠠ ᠶᠢᠨ ᠵᠢᠭᠤᠯᠴᠢᠯᠠᠯ ᠤᠨ ᠭᠦᠭᠵᠢᠭᠦᠯᠦᠯᠳᠡ ᠶᠢᠨ ᠵᠦᠪᠯᠠᠯ ᠠᠴᠠ ᠲᠠᠷᠬᠠᠭᠠᠬᠰᠠ ︽2017 | ᠤᠨ ᠤ ᠬᠤᠳᠠ ᠶᠢᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠤᠰᠬᠤᠨ ᠪᠠ | ᠬᠤᠳᠠ ᠶᠢᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ | ᠡᠷᠦᠭᠡ ᠶᠢ ᠰᠢᠨ᠎ᠠ ᠪᠠᠷ ᠦᠨᠡᠯᠡᠨ ᠲᠤᠬᠳᠠᠭᠠᠬᠰᠠᠨ ᠨᠠᠷᠠᠰ ᠤᠨ ᠵᠢᠬᠰᠠᠭᠠᠯᠳᠠ︾ ᠶᠢ ᠦᠨᠳᠤᠰᠤᠯᠠᠪᠠᠯ᠂ ᠦᠤᠰᠢᠨ | ᠬᠤᠰᠢᠭᠤᠨ ᠤ ᠲᠠᠷᠬᠠᠨᠯᠠᠮ᠎ᠠ ᠭᠠᠴᠠᠭ᠎ᠠ ᠬᠤᠳᠠ ᠶᠢᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ | ᠦᠵᠡᠭᠦᠯᠭᠦ ᠲᠤᠰᠬᠤᠨ ᠢᠶᠠᠷ ᠰᠤᠩᠭᠤᠬᠳᠠᠵᠤ᠂ ᠲᠤᠭ ᠪᠠᠯᠭᠠᠰᠤᠨ ᠳᠠᠬᠢ ᠪᠠᠶᠠᠨᠨᠠᠭᠤᠷ ᠲᠠᠯ᠎ᠠ ᠨᠤᠳᠤᠭ ᠤᠨ ᠮᠠᠯᠴᠢᠨ | ᠠᠶᠢᠯ ᠤᠨ ᠵᠤᠴᠢᠯᠠᠭ᠎ᠠ᠂ ᠭᠡᠰᠢᠭᠳᠦ᠋ᠭᠦᠷᠡᠩ ᠮᠠᠯᠴᠢᠨ ᠠᠶᠢᠯ ᠤᠨ ᠵᠤᠴᠢᠯᠠᠭ᠎ᠠ᠂ ᠮᠦᠩᠬᠡᠭᠤᠤᠯ ᠮᠠᠯᠴᠢᠨ ᠠᠶᠢᠯ ᠤᠨ | ᠵᠤᠴᠢᠯᠠᠭ᠎ᠠ᠂ ᠰᠡᠪᠭᠦᠯ ᠮᠠᠯᠴᠢᠨ ᠠᠶᠢᠯ ᠤᠨ ᠵᠤᠴᠢᠯᠠᠭ᠎ᠠ᠂ ᠤᠩᠭᠤᠨ ᠰᠢᠯᠢ ᠮᠠᠯᠴᠢᠨ ᠠᠶᠢᠯ ᠤᠨ ᠵᠤᠴᠢᠯᠠᠭ᠎ᠠ ᠵᠡᠷᠭᠡ | ᠲᠠᠪᠤᠨ ᠮᠠᠯᠴᠢᠨ ᠠᠶᠢᠯ ᠤᠨ ᠵᠤᠴᠢᠯᠠᠭ᠎ᠠ ᠶᠢᠨ ᠭᠠᠵᠠᠷ ᠬᠤᠳᠠ ᠶᠢᠨ ᠲᠠᠰ ᠤᠨ ᠮᠠᠯᠴᠢᠨ ᠲᠠᠷᠢᠶᠠᠴᠢᠨ ᠠᠶᠢᠯ ᠤᠨ | ᠵᠤᠴᠢᠯᠠᠭ᠎ᠠ ᠶᠢᠨ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠡᠷᠦᠭᠡ ᠪᠠᠷ ᠰᠤᠩᠭᠤᠬᠳᠠᠪᠠ᠃ | ᠦᠤᠰᠢᠨ ᠬᠤᠰᠢᠭᠤ ᠤᠳᠤᠬᠠᠨ ᠳᠤ ᠪᠦᠭᠦ ᠤᠯᠤᠰ ᠤᠨ ᠰᠠᠯᠠᠭᠦᠴᠠᠯ ᠮᠠᠯ ᠲᠠᠷᠢᠶᠠᠯᠠᠩ ᠪᠤᠯᠤᠨ ᠭᠦᠳᠡᠭᠡ | ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠴᠡᠭ 1᠂ ᠦᠪᠡᠷᠳᠡᠭᠡᠨ ᠵᠠᠰᠠᠬᠤ ᠤᠷᠤᠨ ᠤ ᠰᠠᠯᠠᠭᠦᠴᠠᠯ | ᠮᠠᠯ ᠲᠠᠷᠢᠶᠠᠯᠠᠩ ᠪᠤᠯᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠴᠡᠭ 5᠂ ᠬᠤᠳᠠ ᠶᠢᠨ | ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠤᠰᠬᠤᠨ 5᠂ ᠤᠳᠤᠨ ᠲᠠᠰ ᠤᠨ | ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ 54 ᠡᠷᠦᠭᠡ᠂ ᠡᠭᠦᠨ ᠳᠤ ᠦᠪᠡᠷᠳᠡᠭᠡᠨ ᠵᠠᠰᠠᠬᠤ ᠤᠷᠤᠨ ᠤ ᠤᠳᠤᠨ | ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠯᠠᠭ᠎ᠠ ᠶᠢᠨ ᠡᠷᠦᠭᠡ 13᠂ ᠬᠤᠳᠠ ᠶᠢᠨ ᠲᠠᠰ ᠤᠨ | ᠲᠠᠭᠤᠷᠢᠶᠠᠯ ᠦᠵᠡᠭᠦᠯᠭᠦ ᠡᠷᠦᠭᠡ 14᠂ ᠬᠤᠰᠢᠭᠤ ᠤᠳᠤᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ | 27 ᠡᠷᠦᠭᠡ ᠪᠠᠶᠢᠵᠤ᠂ ᠪᠦᠭᠦ᠋ᠢᠯᠡ ᠤᠷᠤᠨ ᠪᠦᠰᠡ ᠶᠢᠨ ᠵᠢᠭᠤᠯᠴᠢᠯᠠᠯ ᠵᠢᠴᠢ ᠵᠢᠭᠤᠯᠴᠢᠯᠠᠯ ᠢᠶᠠᠷ ᠶᠠᠳᠠᠭᠤ ᠶᠢ | ᠲᠠᠳᠭᠦᠭᠦ ᠴᠢᠬᠤᠯᠠ ᠲᠤᠯᠭᠠᠭᠤᠷᠢ ᠪᠡ ᠠᠴᠢᠶᠠᠯᠠᠬᠴᠢ ᠪᠤᠯᠤᠬᠰᠠᠨ ᠪᠠᠶᠢᠨ᠎ᠠ᠃ | ᠥᠤᠰᠢᠨ ᠬᠤᠰᠢᠭᠤ ᠲᠤᠰ ᠤᠳᠠᠭᠠᠨ ᠤ ᠦᠨᠡᠯᠡᠯᠳᠡ ᠪᠠᠷ ᠲᠠᠮᠵᠢᠨ ᠭᠦᠳᠡᠭᠡ ᠲᠤᠰᠬᠤᠨ ᠤ ᠵᠢᠭᠤᠯᠴᠢᠯᠠᠯ ᠤᠨ | ᠭᠦᠭᠵᠢᠯᠳᠡ ᠶᠢ ᠪᠦᠭᠦ ᠭᠦᠴᠦᠨ ᠢᠶᠠᠷ ᠢᠶᠠᠨ ᠠᠬᠢᠭᠤᠯᠵᠤ ᠪᠤᠢ᠃ ᠡᠭᠦᠨ ᠳᠤ ᠭᠦᠳᠡᠭᠡ ᠲᠤᠰᠬᠤᠨ ᠢ ᠰᠡᠷᠭᠦᠭᠡᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠦᠳᠡᠭᠡ ᠲᠤᠰᠬᠤᠨ ᠤ ᠠᠵᠤ ᠤᠢᠢᠯᠠᠰ ᠤᠨ | ᠪᠦᠳᠦᠴᠡ ᠶᠢᠨ ᠭᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠭᠦ ᠶᠢ ᠠᠬᠢᠭᠤᠯᠵᠤ᠂ ᠭᠦᠳᠡᠭᠡ ᠲᠤᠰᠬᠤᠨ ᠤ | ᠵᠤᠭᠠᠴᠠᠨ ᠠᠮᠠᠷᠠᠨ ᠰᠠᠯᠠᠭᠦᠴᠡᠭᠦ ᠲᠡᠭᠡᠳᠦ ᠴᠢᠨᠠᠷᠯᠢᠭ ᠲᠠᠸᠡᠷ ᠢ ᠪᠦᠳᠦᠭᠡᠨ᠂ ᠰᠠᠭᠤᠭᠠᠯᠢ ᠠᠷᠠᠳ ᠤᠨ ᠬᠤᠨᠤᠭ ᠤᠨ | ᠭᠠᠵᠠᠷ ᠪᠠ ᠭᠦᠳᠡᠭᠡ ᠲᠤᠰᠬᠤᠨ ᠤ ᠪᠠᠭᠤᠳᠠᠯ ᠢ ᠪᠦᠭᠦ ᠭᠦᠴᠦᠨ ᠢᠶᠠᠷ ᠢᠶᠠᠨ ᠭᠦᠭᠵᠢᠭᠦᠯᠵᠦ᠂ ᠭᠦᠳᠡᠭᠡ ᠲᠤᠰᠬᠤᠨ ᠤ | ᠵᠤᠭᠠᠴᠠᠨ ᠠᠮᠠᠷᠠᠨ ᠰᠠᠯᠠᠭᠦᠴᠡᠭᠦ ᠪᠠᠶᠠᠴᠢᠯᠠᠨ ᠤᠢᠢᠯᠠᠭᠠᠬᠤ ᠲᠠᠸᠡᠷ ᠢ ᠢᠳᠡᠪᠬᠢᠳᠡᠢ ᠨᠡᠭᠡᠭᠡᠵᠤ ᠪᠠᠶᠢᠨ᠎ᠠ᠃ ᠪᠠᠰᠠ ᠨᠢᠭᠡ | ᠪᠦᠯᠦᠭ ᠭᠦᠳᠡᠭᠡ ᠲᠤᠰᠬᠤᠨ ᠤ ᠴᠡᠴᠡᠷᠯᠢᠭ᠂ ᠦᠪᠡᠰᠣᠪᠠᠨ ᠵᠢᠮᠢᠰ ᠨᠤᠭᠤᠭ᠎ᠠ ᠲᠡᠭᠦᠭᠦ᠂ ᠦᠵᠡᠮᠦᠷᠢ ᠶᠢᠨ ᠲᠠᠷᠢᠶᠠᠯᠠᠩ | ᠤᠨ ᠭᠦᠷᠢᠶᠠᠯᠠᠩ᠂ ᠭᠡᠷ ᠪᠦᠯᠢ ᠶᠢᠨ ᠲᠠᠷᠢᠶᠠᠯᠠᠩ ᠮᠠᠯᠵᠢᠯ ᠵᠡᠷᠭᠡ ᠭᠦᠳᠡᠭᠡ ᠲᠤᠰᠬᠤᠨ ᠤ ᠤᠨᠴᠠᠯᠢᠬᠳᠤ | ᠵᠢᠭᠤᠯᠴᠢᠯᠠᠯ ᠤᠨ ᠲᠦᠷᠦᠯ ᠵᠦᠢᠯ ᠢ ᠡᠭᠦᠳᠴᠦ᠂ ᠰᠠᠭᠤᠷᠢ ᠪᠦᠳᠦᠭᠡᠨ ᠪᠠᠶᠢᠭᠤᠯᠤᠯᠳᠡ ᠪᠠᠨ ᠲᠡᠭᠦᠯᠳᠡᠷᠵᠢᠭᠦᠯᠵᠦ᠂ | ᠬᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠯᠠᠭ᠎ᠠ ᠶᠢᠨ ᠤᠢᠢᠯᠡᠴᠢᠯᠡᠭᠡ ᠪᠠ ᠰᠤᠶᠤᠯ ᠤᠨ ᠠᠭᠤᠯᠬᠤᠨ ᠢᠶᠠᠨ | ᠲᠡᠭᠡᠭᠰᠢᠯᠡᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠤᠢᠢᠯᠠᠰ ᠤᠨ ᠭᠡᠯᠬᠢᠶᠠᠵᠢᠯ ᠢ ᠪᠤᠢ ᠪᠤᠯᠭᠠᠪᠠ᠃ | ᠲᠠᠳᠡ ᠪᠠᠰᠠ ᠮᠠᠯᠴᠢᠨ ᠲᠠᠷᠢᠶᠠᠴᠢᠳ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠤᠢᠢᠯᠡᠴᠢᠯᠡᠭᠡ ᠡᠷᠭᠢᠯᠡᠭᠦ | ᠂ ᠵᠢᠭᠤᠯᠴᠢᠯᠠᠯ ᠤᠨ ᠲᠡᠸᠡᠷ ᠢ ᠡᠭᠦᠳᠭᠦ ᠵᠡᠷᠭᠡ ᠡᠵᠡᠩᠨᠡᠯᠳᠡ ᠶᠢᠨ ᠴᠢᠨᠡᠷ ᠲᠠᠢ ᠠᠵᠢᠯᠯᠠᠭ᠎ᠠ ᠶᠢ ᠲᠡᠮᠵᠢᠨ ᠵᠢᠯᠤᠭᠤᠳᠴᠦ | ᠪᠠᠶᠢᠨ᠎ᠠ᠃ ᠡᠨᠡ ᠨᠢ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠲᠠ ᠶᠢ ᠰᠢᠪᠳᠤᠯᠬᠤ ᠳᠤ ᠵᠢᠭᠤᠯᠴᠢᠯᠠᠯ ᠢᠶᠠᠷ ᠲᠡᠳᠭᠦᠭᠦ ᠤᠢᠢᠯᠡᠳᠦᠯ ᠢ ᠪᠠᠳᠠᠷᠠᠭᠤᠯᠵᠤ ᠪᠠᠶᠢᠨ᠎ᠠ᠃ |