ᠮᠠᠨ ᠤ ᠬᠤᠰᠢᠭᠤ 0 — 3 ᠨᠠᠰᠣᠨ ᠤ ᠬᠡᠣᠬᠡᠳ ᠢ ᠰᠢᠨᠵᠢᠯᠡᠬᠦ ᠣᠬᠠᠭᠠᠨᠴᠢ ᠪᠠᠷ ᠬᠦᠮᠦᠵᠢᠬᠦᠯᠬᠦ ᠪᠠ ᠵᠢᠷᠮᠤᠰᠤᠯᠡᠬᠦ ᠬᠦᠩᠭᠡᠵᠢᠬᠦ ᠬᠤᠭᠤᠴᠠᠭᠠᠨ ᠤ ᠡᠷᠡᠬᠦᠯ ᠡᠩᠬᠡ ᠶᠢᠨ ᠮᠡᠳᠡᠯᠭᠡ ᠶᠢᠨ ᠳᠠᠶᠢᠯᠣᠮᠵᠢ ᠶᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-09-12
     9 ᠰᠠᠷ᠎ᠠ ᠶᠢᠨ 7 ᠤ ᠡᠳᠦᠷ ᠬᠤᠰᠢᠭᠤ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠬᠦᠩᠬᠡᠵᠢᠯ ᠤᠨ ᠳᠣᠪᠴᠢᠶ᠎ᠠ ᠂ ᠡᠮᠡᠭᠳᠡᠶᠢᠴᠣᠳ ᠤᠨ ᠬᠤᠯᠪᠣᠭᠠᠲᠣ ᠬᠤᠷᠠᠯ ᠪᠣᠯᠣᠨ ᠰᠣᠷᠭᠠᠨ ᠬᠦᠮᠦᠵᠢᠯ ᠤᠨ ᠳᠣᠪᠴᠢᠶᠠᠨ ᠠᠴᠠ ᠳᠠᠭᠠᠭᠠᠴᠢᠯᠠᠨ ᠡᠷᠬᠢᠯᠡᠭᠰᠡᠨ ᠦᠦᠰᠢᠨ ᠳᠠᠬᠢ 0 — 3 ᠨᠠᠰᠣᠨ ᠤ ᠬᠡᠣᠬᠡᠳ ᠢ ᠰᠢᠨᠵᠢᠯᠡᠬᠦ ᠣᠬᠠᠭᠠᠨᠴᠢ ᠪᠠᠷ ᠬᠦᠮᠦᠵᠢᠬᠦᠯᠬᠦ ᠪᠠ ᠵᠢᠷᠮᠤᠰᠤᠯᠡᠬᠦ ᠬᠦᠩᠬᠡᠵᠢᠬᠦ ᠬᠤᠭᠤᠴᠠᠭᠠᠨ ᠤ ᠡᠷᠡᠬᠦᠯ ᠡᠩᠬᠡ ᠶᠢᠨ ᠮᠡᠳᠡᠯᠭᠡ ᠶᠢᠨ ᠳᠠᠶᠢᠯᠣᠮᠵᠢ ᠬᠤᠰᠢᠭᠤ ᠮᠣᠩᠭᠤᠯ ᠡᠮ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠳᠤ ᠶᠠᠪᠤᠭᠳᠠᠪᠠ᠃      ᠠᠵᠢᠯᠯᠠᠭᠠᠨ ᠳᠤ ᠣᠯᠣᠰ ᠤᠨ ᠨᠢᠯᠬᠠᠰ ᠢ ᠬᠦᠮᠦᠵᠢᠬᠦᠯᠦᠭᠴᠢ᠂ ᠬᠡᠣᠬᠡᠳ ᠠᠰᠠᠷᠠᠭᠴᠢ ᠶᠢᠨ ᠳᠣᠰᠬᠠᠢ ᠮᠡᠷᠭᠡᠵᠢᠯ ᠤᠨ ᠪᠣᠯᠪᠠᠰᠣᠷᠠᠯ ᠤᠨ ᠫᠷᠤᠹᠧᠰᠰᠤᠷ ᠭᠥᠸᠧ ᠵᠢᠶᠠᠨ ᠭᠥᠸᠧ ᠢ ᠣᠷᠢᠵᠣ 0 — 3 ᠨᠠᠰᠣᠨ ᠤ ᠬᠡᠣᠬᠡᠳ ᠢ ᠰᠢᠨᠵᠢᠯᠡᠬᠦ ᠣᠬᠠᠭᠠᠨᠴᠢ ᠪᠠᠷ ᠬᠦᠮᠦᠵᠢᠬᠦᠯᠬᠦ ᠴᠢᠬᠤᠯᠠ ᠴᠢᠨᠠᠷ᠂ ᠠᠷᠭ᠎ᠠ ᠪᠠᠷᠢᠯ ᠪᠣᠯᠣᠨ ᠵᠢᠷᠮᠦᠰᠣᠯᠡᠬᠦ ᠪᠠ ᠬᠦᠩᠭᠡᠵᠢᠬᠦ ᠬᠤᠭᠤᠴᠠᠭᠠᠨ ᠤ ᠡᠷᠡᠬᠦᠯ ᠡᠩᠬᠡ ᠶᠢᠨ ᠳᠣᠬᠠᠢ ᠰᠢᠰᠲ᠋ᠧᠮ ᠲᠠᠢ ᠠᠮᠢᠳᠣᠯᠢᠭ ᠲᠠᠶᠢᠯᠪᠤᠷᠢᠯᠠᠯᠳᠠ ᠭᠢᠯᠭᠡᠭᠰᠠᠨ ᠪᠠᠶᠢᠨ᠎ᠠ᠃ ᠪᠦᠬᠦ ᠬᠤᠰᠢᠭᠤᠨ ᠤ ᠨᠢᠯᠬᠠᠰ ᠢ ᠬᠦᠮᠦᠵᠢᠬᠦᠯᠦᠭᠴᠢ᠂ ᠴᠡᠴᠡᠷᠯᠢᠭ ᠤᠨ ᠪᠠᠭᠰᠢ᠂ ᠬᠡᠷ ᠤᠨ ᠠᠬᠠᠮᠠᠳ᠂ ᠵᠢᠷᠮᠦᠰᠦᠨ ᠪᠦᠰᠡᠬᠦᠶᠢᠴᠣᠳ ᠬᠤᠶᠠᠷ ᠵᠠᠭᠤ ᠭᠠᠷᠣᠢ ᠬᠦᠮᠦᠨ ᠳᠣᠰ ᠣᠳᠠᠭᠠᠨ ᠤ ᠳᠠᠶᠢᠯᠦᠮᠵᠢ ᠳᠤ ᠣᠷᠣᠯᠴᠠᠪᠠ᠃      ᠳᠣᠰ ᠣᠳᠠᠭᠠᠨ ᠤ ᠳᠠᠶᠢᠯᠦᠮᠵᠢ ᠪᠠᠷ ᠳᠠᠮᠵᠢᠨ ᠳᠠᠶᠢᠯᠦᠮᠵᠢ ᠳᠤ ᠣᠷᠣᠯᠴᠠᠭᠰᠠᠳ ᠤᠨ ᠨᠢᠯᠬ᠎ᠠ ᠪᠠᠯᠴᠢᠷ ᠬᠡᠣᠬᠡᠳ ᠢ ᠰᠢᠨᠵᠢᠯᠡᠬᠦ ᠣᠬᠠᠭᠠᠨᠴᠢ ᠪᠠᠷ ᠬᠦᠮᠦᠵᠢᠬᠦᠯᠬᠦ ᠪᠠ ᠵᠢᠷᠮᠤᠰᠤᠯᠡᠬᠦ ᠬᠦᠩᠭᠡᠵᠢᠬᠦ ᠡᠯ᠎ᠡ ᠬᠤᠭᠤᠴᠠᠭᠠᠨ ᠤ ᠪᠡᠶ᠎ᠡ ᠰᠡᠳᠬᠢᠴᠡ ᠶᠢᠨ ᠡᠷᠡᠬᠦᠯ ᠡᠩᠬᠡ ᠶᠢᠨ ᠮᠡᠳᠡᠯᠬᠡ ᠶᠢ ᠨᠡᠮᠡᠭᠳᠡᠭᠦᠯᠦᠭᠰᠡᠨ ᠪᠦᠬᠡᠳ ᠠᠵᠢᠯ ᠠᠮᠢᠳᠣᠷᠠᠯ ᠳᠣᠮᠳᠠᠬᠢ ᠳᠠᠨᠢᠯᠳᠡ᠂ ᠴᠢᠳᠠᠪᠣᠷᠢ ᠶᠢ ᠨᠢ ᠳᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号