9 ᠰᠠᠷ᠎ᠠ ᠶᠢᠨ 7 ᠤ ᠡᠳᠦᠷ᠂ ᠭᠤᠴᠢᠨ ᠲᠦᠷᠪᠡᠳᠡᠬᠢ ᠪᠠᠭᠰᠢ ᠶᠢᠨ ᠪᠠᠶᠠᠷ ᠬᠦᠷᠴᠤ ᠢᠷᠡᠬᠦ ᠳᠠᠰᠢᠷᠠᠮ ᠢᠶᠠᠷ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠧᠢ ᠯᠤ᠋ ᠤᠷᠢᠳ | ᠬᠤᠵᠢᠳ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠶᠢᠨ ᠲᠦᠯᠦᠭᠡᠯᠡᠭᠴᠢ ᠭᠠᠰᠢᠸ᠎ᠠ ᠪᠤᠯᠤᠨ ᠯᠢᠤ ᠵᠠᠨ ᠴᠢ | ᠶᠢ ᠪᠤᠯᠭᠤᠭᠠᠨ ᠲᠤᠬᠤᠨᠢᠭᠤᠯᠵᠦ ᠳᠡᠳᠡᠨ ᠳᠤ ᠪᠠᠶᠠᠷ ᠤᠨ ᠡᠳᠦᠷ ᠤᠨ ᠬᠠᠯᠠᠭᠤᠨ ᠮᠡᠨᠳᠦᠴᠢᠯᠡᠯ ᠳᠡᠪᠰᠢᠬᠦᠯᠬᠦ ᠶᠢᠨ | ᠬᠠᠮᠲᠤ ᠳᠡᠳᠡᠨ ᠢᠶᠠᠷ ᠳᠠᠮᠵᠢᠨ ᠪᠦᠬᠦ ᠬᠤᠰᠢᠭᠤᠨ ᠤ ᠥᠷᠭᠡᠨ ᠤᠯᠠᠨ ᠰᠤᠷᠭᠠᠨ ᠬᠦᠮᠦᠵᠢᠯ ᠤᠨ ᠠᠵᠢᠯᠲᠠᠳ ᠲᠤ | ᠬᠠᠯᠠᠭᠤᠨ ᠮᠡᠨᠳᠦᠴᠢᠯᠡᠯ ᠪᠠ ᠡᠷᠬᠢᠮ ᠳᠡᠭᠡᠲᠤ ᠬᠦᠨᠳᠦᠳᠬᠡᠯ ᠢᠶᠠᠨ ᠳᠡᠪᠰᠢᠬᠦᠯᠪᠡ᠃ ᠬᠤᠰᠢᠭᠤ ᠳᠡᠳ᠋ ᠳᠠᠷᠤᠭ᠎ᠠ | ᠪᠠᠶᠠᠨᠴᠢᠮᠡᠭ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠰᠤᠷᠭᠠᠨ ᠬᠦᠮᠦᠵᠢᠯ ᠤᠨ ᠲᠤᠪᠴᠢᠶᠠᠨ ᠤ ᠬᠠᠮᠢᠶ᠎ᠠ | ᠪᠦᠬᠦᠢ ᠬᠠᠷᠢᠭᠤᠴᠠᠯᠭᠠᠳᠠᠨ ᠪᠠᠷᠠᠳᠠᠨ ᠪᠤᠯᠭᠤᠭᠠᠨ ᠲᠤᠬᠤᠨᠢᠭᠤᠯᠪᠠ᠃ | ᠤᠤᠯ ᠤᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠵᠠᠬᠢᠷᠤᠯ ᠭᠠᠰᠢᠸ᠎ᠠ ᠶᠢᠨ | ᠬᠢᠨ ᠳᠤ ᠵᠤᠤ ᠹᠧᠢ ᠯᠤ᠋ ᠲᠡᠭᠦᠨ ᠲᠠᠢ ᠲᠤᠳᠤᠨᠤᠰᠤᠭ ᠢᠶᠠᠷ ᠶᠠᠷᠢᠯᠴᠠᠨ ᠠᠬᠠᠮᠠᠳ ᠨᠢᠭᠡ ᠦᠶ᠎ᠡ ᠶᠢᠨ ᠰᠤᠷᠭᠠᠨ | ᠬᠦᠮᠦᠵᠢᠯ ᠤᠨ ᠠᠵᠢᠯᠳᠠᠨ ᠤ ᠡᠷᠡᠬᠦᠯ ᠴᠢᠬᠢᠷᠠᠭ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠦᠷ᠎ᠡ ᠬᠡᠤᠬᠡᠳ | ᠤᠨ ᠬᠢᠨᠢ ᠠᠵᠢᠯ ᠤᠨ ᠪᠠᠶᠢᠳᠠᠯ ᠢ ᠨᠠᠷᠢᠨ ᠤᠶᠢᠯᠠᠭᠠᠵᠤ ᠦᠦᠰᠢᠨ ᠬᠤᠰᠢᠭᠤᠨ ᠤ ᠰᠤᠷᠭᠠᠨ ᠬᠦᠮᠦᠵᠢᠯ ᠤᠨ ᠠᠵᠢᠯ | ᠤᠨ ᠬᠦᠭᠵᠢᠯᠲᠡ ᠳᠤ ᠭᠠᠷᠮᠠᠭᠠᠢ ᠬᠤᠪᠢ ᠨᠡᠮᠡᠷᠢ ᠪᠠᠨ ᠦᠵᠡᠬᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠬᠦᠯᠪᠡ᠃ ᠵᠤᠤ ᠹᠧᠢ ᠯᠤ᠋ ᠵᠢᠭᠠᠬᠤ ᠳᠤ ᠪᠠᠨ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ᠂ ᠠᠬᠠᠮᠠᠳ | ᠨᠦᠬᠦᠳ ᠪᠤᠯ ᠥᠥᠰᠢᠨ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠤᠷᠤᠯᠴᠠᠭᠴᠢ᠂ | ᠪᠠᠶᠢᠭᠤᠯᠤᠭᠴᠢ᠂ ᠬᠡᠷᠡᠴᠢᠯᠡᠭᠴᠢ ᠪᠠᠶᠢᠵᠦ ᠦᠪᠡᠷ ᠤᠨ ᠡᠷᠬᠢᠮ ᠨᠠᠨᠳᠢᠨ ᠨᠢᠭᠡ ᠨᠠᠰᠤ ᠪᠠᠨ ᠥᠥᠰᠢᠨ ᠬᠤᠰᠢᠭᠤᠨ ᠤ | ᠡᠨᠡ ᠬᠦ ᠦᠩ ᠰᠢᠮᠡᠯᠢᠭ ᠬᠦᠷᠦᠰᠦᠨ ᠳᠤ ᠪᠠᠲᠤ ᠦᠨᠳᠦᠰᠦᠯᠡᠬᠦᠯᠵᠦ ᠰᠢᠷᠭᠠᠭᠤ ᠬᠠᠳᠠᠭᠤᠵᠢᠯᠲᠡᠢ ᠬᠦᠳᠡᠯᠮᠤᠷᠢᠯᠡᠨ | ᠭᠤᠶᠠᠴᠢ ᠦᠭᠡᠢ ᠵᠢᠳᠬᠦᠵᠦ ᠥᠥᠰᠢᠨ ᠬᠤᠰᠢᠭᠤᠨ ᠤ ᠨᠤᠮᠢᠨ ᠲᠠᠩᠰᠤᠭ ᠬᠦᠭᠵᠢᠯᠲᠡ᠂ ᠴᠢᠨᠠᠷ ᠰᠠᠶᠢᠲᠠᠢ | ᠬᠦᠭᠵᠢᠯᠲᠡ ᠳᠤ ᠮᠡᠳᠡᠯᠭᠡ ᠲᠠᠢ᠂ ᠰᠤᠶᠤᠯ ᠲᠠᠢ᠂ ᠮᠡᠷᠭᠡᠵᠢᠯ ᠲᠠᠢ ᠴᠠᠭ ᠦᠶ᠎ᠡ ᠶᠢᠨ ᠰᠢᠨ᠎ᠡ ᠬᠦᠮᠦᠨ ᠢ ᠦᠶ᠎ᠡ ᠶᠢᠨ | ᠦᠶ᠎ᠡ ᠬᠦᠮᠦᠵᠢᠬᠦᠯᠦᠨ ᠪᠤᠶᠢᠵᠢᠭᠤᠯᠪᠠ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠵᠢᠯ | ᠠᠴᠠ ᠪᠠᠨ ᠪᠠᠭᠤᠵᠦ ᠠᠵᠢᠯ ᠠᠴᠠ ᠪᠠᠨ ᠠᠮᠠᠷᠠᠭᠰᠠᠨ ᠰᠤᠷᠭᠠᠨ ᠬᠦᠮᠦᠵᠢᠯ ᠤᠨ ᠠᠵᠢᠯᠳᠠᠳ ᠢ ᠰᠠᠨᠠᠭᠠᠴᠢᠯᠠᠭ᠎ᠠ ᠠᠴᠠ | ᠪᠠᠨ ᠬᠠᠶᠢᠷᠠᠯᠠᠨ ᠬᠠᠯᠠᠮᠵᠢᠯᠠᠵᠦ ᠠᠩᠬᠠᠷᠴᠤ᠂ ᠳᠡᠳᠡᠨ ᠢ ᠥᠳᠡᠯᠦᠬᠡ ᠨᠠᠰᠤ ᠪᠠᠨ ᠪᠠᠶᠠᠷ ᠬᠦᠷ ᠲᠠᠢ ᠠᠵᠠ ᠵᠢᠷᠭᠠᠯ | ᠲᠠᠢ ᠦᠩᠭᠡᠷᠡᠭᠦᠯᠬᠦ ᠬᠡᠷᠡᠭᠲᠡᠢ᠃ ᠠᠵᠢᠯ ᠠᠴᠠ ᠪᠠᠨ ᠪᠠᠭᠤᠵᠦ ᠠᠵᠢᠯ ᠠᠴᠠ ᠪᠠᠨ ᠠᠮᠠᠷᠠᠭᠰᠠᠨ ᠥᠷᠭᠡᠨ ᠤᠯᠠᠨ | ᠰᠤᠷᠭᠠᠨ ᠬᠦᠮᠦᠵᠢᠯ ᠤᠨ ᠠᠵᠢᠯᠳᠠᠳ ᠥᠥᠰᠢᠨ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠤᠨ ᠬᠦᠭᠵᠢᠯᠲᠡ | ᠳᠤ ᠰᠠᠨᠠᠯ ᠵᠦᠪᠯᠡᠯᠭᠡ ᠲᠤᠷᠠᠳᠴᠤ ᠬᠦᠴᠦᠨ ᠴᠢᠳᠠᠯ ᠢᠶᠠᠨ ᠭᠠᠷᠭᠠᠬᠤ ᠶᠢ ᠬᠦᠰᠡᠵᠦ ᠪᠠᠶᠢᠨ᠎ᠠ ᠭᠡᠪᠡ᠃ | ᠤᠤᠯ ᠤᠨ ᠥᠥᠰᠢᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠤᠨ ᠵᠠᠬᠢᠷᠤᠯ ᠯᠢᠤ ᠵᠠᠨ ᠴᠢ ᠶᠢ | ᠪᠤᠯᠭᠤᠭᠠᠬᠤ ᠦᠶᠡᠰ 70 ᠨᠠᠰᠤ ᠬᠦᠷᠬᠦ ᠬᠡᠵᠦ ᠪᠠᠶᠢᠭ᠎ᠠ ᠠᠬᠠᠮᠠᠳ ᠵᠠᠬᠢᠷᠤᠯ ᠮᠦᠨ ᠯᠠ ᠵᠢᠪᠬᠤᠭ᠎ᠠ ᠲᠡᠭᠦᠯᠳᠡᠷ | ᠪᠠᠶᠢᠭ᠎ᠠ ᠶᠢ ᠦᠵᠡᠭᠡᠳ ᠵᠤᠤ ᠹᠧᠢ ᠯᠤ᠋᠄ ︽ᠥᠩᠭᠡᠷᠡᠭᠰᠡᠨ ᠳᠤ ᠲᠠᠨᠠᠷ ᠥᠥᠰᠢᠨ ᠬᠤᠰᠢᠭᠤᠨ ᠤ ᠥᠭᠡᠷᠡᠴᠢᠯᠡᠯᠲᠡ | ᠬᠦᠭᠵᠢᠯᠲᠡ ᠳᠤ ᠭᠠᠷᠭᠠᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠵᠡᠢ᠂ ᠦᠨᠦᠳᠦᠷ ᠲᠠᠨᠠᠷ ᠦᠬᠡᠷᠡᠴᠢᠯᠡᠯᠲᠡ | ᠬᠦᠭᠵᠢᠯᠲᠡ ᠶᠢᠨ ᠦᠷ᠎ᠡ ᠪᠦᠲᠦᠭᠡᠯ ᠢ ᠬᠠᠮᠲᠤ ᠡᠳ᠋ᠯᠡᠪᠡᠯ ᠵᠤᠬᠢᠨ᠎ᠠ᠂ ᠲᠠᠨᠠᠷ ᠤᠨ ᠦᠦᠰᠢᠨ ᠬᠤᠰᠢᠭᠤᠨ ᠳᠤ ᠨᠡᠩ | ᠰᠠᠶᠢᠨ ᠰᠠᠶᠢᠬᠠᠨ ᠠᠮᠢᠳᠣᠷᠠᠵᠦ ᠦᠳᠡᠯᠦᠭᠡ ᠨᠠᠰᠤ ᠪᠠᠨ ᠵᠤᠯ ᠵᠢᠷᠭᠠᠯᠲᠠᠢ ᠦᠩᠭᠡᠷᠡᠭᠦᠯᠬᠦ ᠶᠢ ᠬᠦᠰᠡᠵᠦ ᠪᠠᠶᠢᠨ᠎ᠠ︾ | ᠬᠡᠵᠦ ᠬᠡᠯᠡᠪᠡ᠃ | ᠪᠤᠯᠭᠤᠭᠠᠨ ᠲᠤᠬᠤᠨᠢᠭᠤᠯᠭ᠎ᠠ ᠳᠤᠮᠳᠠ ᠵᠤᠤ ᠹᠧᠢ ᠯᠤ᠋ ᠢᠮᠠᠭᠳᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ | ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ | ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ ᠳᠠᠰᠤᠷᠠᠯᠲᠠ | ᠦᠬᠡᠢ ᠰᠢᠨ᠎ᠡ ᠶᠢ ᠡᠬᠦᠳᠦᠨ ᠪᠠᠭᠰᠢ ᠶᠢᠨ ᠡᠩᠨᠡᠭᠡ ᠶᠢ ᠳᠠᠳᠠᠨ ᠠᠪᠴᠢᠷᠠᠬᠤ ᠬᠦᠴᠦᠯᠡᠴᠡ ᠪᠠᠨ ᠶᠡᠬᠡᠰᠬᠡᠨ | ᠰᠣᠷᠭᠠᠭᠤᠯᠢ ᠡᠷᠬᠢᠯᠡᠬᠦ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠬᠦᠯᠵᠤ ᠰᠤᠷᠭᠠᠨ ᠬᠦᠮᠦᠵᠢᠯ ᠤᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ ᠰᠤᠷᠭᠠᠭᠤᠯᠢ ᠡᠷᠬᠢᠯᠡᠬᠦ | ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠵᠦ ᠠᠷᠠᠳ ᠣᠯᠠᠨ ᠬᠠᠨᠤᠮᠵᠢᠲᠠᠢ ᠰᠣᠷᠭᠠᠨ ᠬᠦᠮᠦᠵᠢᠯ ᠪᠠ ᠬᠦᠭᠵᠢᠯᠲᠡ | ᠳᠤ ᠴᠢᠬᠤᠯᠠᠲᠠᠢ ᠰᠤᠷᠭᠠᠨ ᠬᠦᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ ᠥᠥᠰᠢᠨ ᠬᠤᠰᠢᠭᠤᠨ ᠤ ᠰᠤᠷᠭᠠᠨ | ᠬᠦᠮᠦᠵᠢᠯ ᠤᠨ ᠦᠢᠯᠡᠰ ᠤᠨ ᠴᠢᠨᠠᠷ ᠰᠠᠶᠢᠳᠠᠢ ᠬᠦᠭᠵᠢᠯᠲᠡ ᠶᠢ ᠬᠠᠮᠲᠤᠪᠡᠷ ᠲᠦᠯᠬᠢᠨ ᠠᠬᠢᠭᠤᠯᠬᠤ ᠬᠡᠷᠡᠭᠲᠡᠢ ᠬᠡᠪᠡ᠃ | |