ᠲᠠᠭᠤᠯᠠ ᠪᠠᠭᠰᠢ᠄ ᠡᠷᠢᠯ ᠬᠦᠰᠡᠯ ᠤᠨ ᠵᠢᠬᠦᠷ ᠢ ᠤᠷᠭᠤᠭᠤᠯᠵᠤ ᠡᠩᠬᠦᠷᠡᠢ ᠬᠡᠥᠬᠡᠳ ᠤᠨ ᠢᠷᠡᠬᠡᠳᠦᠢ ᠶᠢ ᠬᠦᠮᠦᠵᠢᠬᠦᠯᠦᠨ᠎ᠡ
ᠨᠡᠶᠢᠲᠡᠯᠡᠭᠰᠡᠨ ᠴᠠᠭ᠄
2018-09-13
      ᠦᠨᠳᠦᠰᠦᠳᠡᠨ ᠤ ᠢᠷᠡᠬᠡᠳᠦᠢ ᠶᠢ ᠬᠦᠮᠦᠵᠢᠬᠦᠯᠬᠦ ᠳᠤ ᠰᠤᠷᠬᠤ ᠨᠠᠰᠤᠨ ᠠᠴᠠ ᠡᠮᠦᠨᠡᠬᠢ ᠵᠢᠭᠠᠨ ᠰᠤᠷᠭᠠᠯᠳᠠ ᠎ ᠶᠢ ᠴᠢᠬᠤᠯᠠᠴᠢᠯᠠᠨ ᠠᠳᠬᠤᠬᠤ ᠬᠡᠷᠡᠭᠳᠡᠢ ᠬᠡᠵᠦ ᠲᠠᠭᠤᠯᠠ ᠪᠠᠭᠰᠢ ᠦᠵᠡᠳᠡᠭ᠃ ᠲᠠᠭᠤᠯᠠ ᠪᠠᠭᠰᠢ ᠡᠨᠡᠬᠦ ᠪᠠᠷᠢᠮᠳᠠᠯᠠᠯ ᠎ ᠢᠶᠠᠷ ᠢᠶᠠᠨ ᠰᠤᠶᠤᠨ ᠬᠡᠬᠡᠷᠡᠬᠦᠯᠬᠦ ᠦᠢᠯᠡᠰ ᠤᠨ ᠲᠦᠯᠦᠬᠡᠨ ᠤ ᠬᠢ ᠡᠬᠦᠷᠬᠡ ᠬᠠᠷᠢᠭᠤᠴᠠᠯᠭ᠎ᠠ ᠪᠠᠨ ᠵᠤᠷᠢᠭᠳᠠᠢ ᠡᠬᠦᠷᠬᠡᠯᠡᠵᠦ᠂ ᠪᠦᠬᠦᠶᠢᠯᠡ ᠬᠦᠴᠦᠨ ᠵᠢᠳᠬᠦᠯ ᠢᠶᠠᠨ ᠰᠢᠪᠬᠠᠨ ᠤᠷᠴᠢᠨ ᠲᠤᠭᠤᠷᠢᠨ ᠨᠢ ᠤᠨᠴᠠᠯᠢᠭ ᠲᠠᠢ᠂ ᠬᠢᠴᠢᠶᠡᠯᠯᠡᠭᠡ ᠨᠢ ᠤᠨᠴᠠᠯᠢᠭ ᠲᠠᠢ᠂ ᠬᠠᠮᠢᠶᠠᠷᠤᠯᠳᠠ ᠨᠢ ᠤᠨᠴᠠᠯᠢᠭ ᠲᠠᠢ᠂ ᠤᠷᠠᠯᠢᠭ ᠨᠢ ᠤᠨᠴᠠᠯᠢᠭ ᠲᠠᠢ ᠬᠡᠤᠬᠡᠳ ᠎ ᠤᠨ ᠴᠡᠴᠡᠷᠯᠢᠭ ᠢ ᠡᠷᠬᠢᠯᠡᠵᠦ᠂ ᠨᠡᠶᠢᠬᠡᠮ ᠨᠡᠶᠢᠳᠡ᠂ ᠬᠡᠷ ᠤᠨ ᠠᠬᠠᠮᠠᠳ ᠲᠤ ᠬᠠᠨᠤᠮᠵᠢᠳᠠᠢ ᠬᠠᠷᠢᠭᠤᠯᠳᠠ ᠦᠭᠬᠦ ᠪᠠᠷ ᠴᠢᠷᠮᠠᠶᠢᠵᠤ ᠶᠠᠪᠤᠨ᠎ᠠ᠃      ᠲᠠᠭᠤᠯᠠ ᠪᠠᠭᠰᠢ ᠦᠨᠳᠦᠰᠦᠨ ᠱᠠᠳᠤᠨ ᠤ ᠬᠡᠤᠬᠡᠳ ᠤᠨ ᠴᠡᠴᠡᠷᠯᠢᠭ ᠤᠨ ᠦᠢᠯᠡᠰ ᠲᠤ ᠭᠤᠴᠢ ᠰᠢᠬᠠᠮ ᠵᠢᠯ ᠵᠢᠳᠬᠦᠬᠦ ᠲᠤᠮᠳᠠ ᠬᠡᠥᠬᠡᠳ ᠤᠨ ᠤᠶᠤᠨ ᠤ ᠴᠢᠳᠠᠪᠤᠷᠢ᠂ ᠪᠦᠳᠦᠬᠡᠯᠴᠢ ᠴᠢᠳᠠᠪᠤᠷᠢ᠂ ᠤᠷᠠᠯᠢᠭ ᠤᠨ ᠴᠢᠳᠠᠪᠤᠷᠢ᠂ ᠠᠮᠢᠳᠤᠷᠠᠯ ᠤᠨ ᠴᠢᠳᠠᠪᠤᠷᠢ ᠵᠡᠷᠬᠡ ᠡᠯ᠎ᠡ ᠲᠠᠯ᠎ᠠ ᠶᠢᠨ ᠴᠢᠳᠠᠪᠤᠷᠢ ᠶᠢ ᠬᠦᠭᠵᠢᠬᠦᠯᠬᠦ ᠶᠢ ᠶᠡᠬᠡᠳᠡ ᠬᠢᠴᠢᠶᠡᠵᠦ ᠡᠨᠡ ᠲᠠᠯ᠎ᠠ ᠪᠠᠷ ᠴᠢᠷᠮᠠᠶᠢᠨ ᠠᠵᠢᠯᠯᠠᠭᠰᠠᠭᠠᠷ ᠢᠷᠡᠭᠰᠡᠨ ᠪᠠᠶᠢᠵᠠᠢ᠃      ᠡᠬᠦᠨ ᠠᠴᠠ ᠭᠠᠳᠠᠨ᠎ᠠ ᠦᠨᠳᠦᠰᠤᠳᠡᠨ ᠤ ᠤᠨᠴᠠᠯᠢᠭ ᠰᠢᠨᠵᠢ ᠶᠢ ᠪᠦᠷᠢᠨ ᠬᠠᠷᠠᠭᠤᠯᠵᠤ᠂ ᠤᠷᠠᠯᠢᠭᠴᠢ ᠴᠢᠨᠠᠷ ᠂ ᠨᠠᠭᠠᠳᠤᠮᠴᠢ ᠴᠢᠨᠠᠷ ᠢ ᠠᠭᠤᠰᠬᠠᠭᠰᠠᠨ ᠦᠪᠡᠷᠳᠡᠬᠡᠨ ᠵᠤᠬᠢᠶᠠᠭᠰᠠᠨ ᠲᠦᠷᠪᠡᠨ ᠢᠵᠢ ᠤᠷᠠᠯᠢᠭ ᠲᠠᠮᠢᠷ ᠴᠤ ᠲᠠᠭᠤᠯᠠ ᠪᠠᠭᠰᠢ ᠶᠢᠨ ᠵᠤᠷᠢᠭᠳᠠᠢ ᠪᠠᠷ ᠰᠢᠨ᠎ᠡ ᠶᠢ ᠰᠡᠳᠬᠢᠵᠦ᠂ ᠬᠡᠥᠬᠡᠳ ᠤᠨ ᠦᠰᠦᠨ ᠪᠤᠶᠢᠵᠢᠯᠳᠠ ᠳᠤ ᠠᠯᠢᠪᠠ ᠪᠠᠨ ᠡᠷᠬᠦᠬᠦ ᠎ ᠪᠠᠷ ᠬᠦᠴᠦᠯᠡᠵᠦ ᠪᠠᠶᠢᠭ᠎ᠠ ᠶᠢᠨ ᠬᠢᠨᠢ ᠦᠷ᠎ᠡ ᠪᠦᠳᠦᠬᠡᠯ ᠪᠤᠯᠵᠤ ᠪᠠᠶᠢᠯ᠎ᠠ᠃ ᠡᠳᠡᠬᠡᠷ ᠦᠷ᠎ᠡ ᠪᠦᠳᠦᠬᠡᠯ ᠪᠦᠬᠦᠨ ᠢ ᠬᠡᠥᠬᠡᠳ ᠲᠤ ᠡᠳ᠋ᠯᠡᠬᠦᠯᠬᠦ ᠳᠤ ᠪᠦᠬᠦᠶᠢᠯᠡ ᠴᠡᠴᠡᠷᠯᠢᠭᠴᠢ ᠶᠢᠨ ᠬᠠᠮᠳᠤ ᠶᠢᠨ ᠬᠦᠴᠦᠨ ᠳᠤ ᠲᠦᠰᠢᠭᠯᠡᠬᠦ ᠤᠴᠢᠷ ᠠᠴᠠ ᠲᠠᠭᠤᠯᠠ ᠪᠠᠭᠰᠢ ᠴᠡᠴᠡᠷᠯᠢᠭᠴᠢ ᠪᠦᠬᠦᠨ ᠲᠤᠰᠬᠠᠶᠢᠵᠢᠭᠰᠠᠨ ᠤᠨᠴᠠᠯᠢᠭ ᠲᠠᠢ ᠪᠠᠶᠢᠬᠤ ᠶᠢ ᠤᠨᠴᠠ ᠴᠢᠬᠤᠯᠠᠴᠢᠯᠠᠨ ᠬᠠᠮᠳᠤᠷᠠᠨ ᠠᠵᠢᠯᠯᠠᠳᠠᠭ ᠠᠴᠠ ᠲᠠᠶᠠᠭᠠᠷ ᠤᠨ ᠤᠷᠮ᠎ᠠ ᠵᠤᠷᠢᠭ ᠴᠤ ᠲᠠᠶᠢᠴᠢᠯᠠᠭᠳᠠᠵᠠᠢ᠃ ᠡᠶᠢᠮᠦᠷᠬᠦ ᠵᠤᠷᠢᠭᠵᠢᠯ ᠢᠶᠠᠷ ᠲᠤᠰ ᠬᠡᠤᠬᠡᠳ ᠤᠨ ᠴᠡᠴᠡᠷᠯᠢᠭ ᠤᠨ ᠴᠡᠪᠡᠷᠴᠡᠴᠡᠭ ᠪᠠᠭᠰᠢ ᠨᠡᠯᠢᠶᠡᠳ ᠬᠦᠴᠦ ᠬᠦᠳᠡᠯᠮᠦᠷᠢ ᠵᠠᠷᠤᠴᠠᠭᠤᠯᠵᠤ ᠪᠠᠶᠢᠭᠠᠳ ᠡᠨᠡ ᠭᠤᠷᠪᠠᠨ ᠢᠵᠢ ᠨᠤᠮ ᠢ ᠨᠠᠶᠢᠷᠠᠭᠤᠯᠵᠤ ᠵᠢᠯ ᠤᠨ ᠡᠴᠦᠰ ᠲᠤ ᠬᠡᠪᠯᠡᠬᠦᠯᠵᠦ ᠭᠠᠷᠭᠠᠬᠤ ᠪᠠᠷ ᠪᠠᠶᠢᠨ᠎ᠠ᠃      ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠪᠤᠯ ᠬᠡᠥᠬᠡᠳ ᠤᠨ ᠢᠷᠡᠬᠡᠳᠦᠢ ᠶᠢᠨ ᠬᠤᠪᠢ ᠵᠠᠶᠠᠭ᠎ᠠ ᠎ ᠶᠢ ᠲᠤᠭᠳᠠᠭᠠᠬᠤ ᠵᠠᠩᠬᠢᠯᠠᠭ᠎ᠠ ᠶᠢᠨ ᠬᠤᠭᠤᠴᠠᠭ᠎ᠠ ᠬᠡᠵᠦ ᠦᠵᠡᠳᠡᠭ ᠲᠠᠭᠤᠯᠠ ᠪᠠᠭᠰᠢ ᠵᠢᠭᠠᠨ ᠰᠤᠷᠭᠠᠯᠳᠠ᠂ ᠴᠡᠴᠡᠷᠯᠢᠭ ᠤᠨ ᠬᠠᠮᠢᠶᠠᠷᠤᠯᠳᠠ ᠵᠡᠷᠬᠡ ᠪᠠᠨ ᠦᠷᠬᠦᠯᠵᠢ ᠵᠡᠷᠬᠡᠪᠡᠷ ᠰᠢᠨᠡᠴᠢᠯᠠᠨ ᠠᠬᠢᠭᠤᠯᠬᠤ ᠶᠢ ᠵᠤᠷᠢᠳᠠᠭ᠃ ᠬᠡᠥᠬᠡᠳ ᠎ ᠤᠳ ᠨᠤᠮ ᠲᠡᠪᠳᠡᠷ᠂ ᠬᠤᠪᠴᠠᠰᠤ ᠬᠤᠨᠠᠷ᠂ ᠲᠤᠭᠯᠠᠭᠠᠮ ᠵᠡᠷᠬᠡ ᠪᠠᠨ ᠮᠠᠰᠢ ᠡᠮᠬᠢ ᠴᠡᠭᠴᠡ ᠲᠠᠢ ᠲᠠᠯᠪᠢᠳᠠᠭ ᠨᠢ ᠨᠢᠬᠡᠨᠳᠡ ᠵᠤᠷᠰᠢᠯ ᠪᠤᠯᠵᠠᠢ᠃ ᠡᠨᠡ ᠪᠤᠯ ᠲᠠᠷᠤᠢ ᠲᠤᠰ ᠬᠡᠤᠬᠡᠳ ᠤᠨ ᠴᠡᠴᠡᠷᠯᠢᠭ ᠤᠨ ︽6 S ᠬᠠᠮᠢᠶᠠᠷᠤᠯᠳᠠ︾ ᠎ ᠶᠢᠨ ᠲᠠᠪᠠᠭᠤᠯᠢᠭ ᠪᠤᠯᠤᠨ᠎ᠠ᠃      ︽ᠲᠡᠮ ᠲᠡᠮ ᠳᠡᠭᠡᠨ᠂ ᠲᠡᠬᠡᠰᠦ ᠡᠷᠴᠢᠮ ᠳᠡᠭᠡᠨ︾ ᠬᠡᠳᠡᠭᠴᠢᠯᠠᠨ ᠪᠦᠬᠦ ᠴᠡᠴᠡᠷᠯᠢᠭᠴᠢ ᠶᠢᠨ ᠬᠠᠮᠳᠤ ᠶᠢᠨ ᠴᠢᠷᠮᠠᠶᠢᠯᠭ᠎ᠠ ᠪᠠᠷ ᠭᠤᠴᠢᠭᠠᠳ ᠵᠢᠯ ᠤᠨ ᠰᠠᠯᠬᠢᠨ ᠪᠤᠷᠤᠭᠠᠨ ᠢ ᠲᠤᠭᠤᠯᠤᠭᠰᠠᠨ ᠦᠥᠰᠢᠨ ᠬᠤᠰᠢᠭᠤᠨ ᠤ ᠮᠤᠩᠭᠤᠯ ᠦᠨᠳᠦᠰᠦᠳᠡᠡ ᠤ ᠬᠡᠥᠬᠡᠳ ᠤᠨ ᠴᠡᠴᠡᠷᠯᠢᠭ ᠤᠳᠤ ᠨᠠᠢᠮᠠᠨ ᠵᠠᠭᠤ ᠭᠠᠷᠤᠢ ᠬᠡᠥᠬᠡᠳ ᠲᠠᠢ᠂ ︽ᠪᠠᠭᠰᠢ ᠨᠢ ᠲᠤᠰᠬᠠᠶᠢᠵᠢᠭᠰᠠᠨ ᠤᠨᠴᠠᠯᠢᠭ ᠲᠠᠢ᠂ ᠬᠡᠥᠬᠡᠳ ᠨᠢ ᠲᠤᠳᠤᠷᠠᠭᠤᠨ ᠤᠨᠴᠠᠯᠢᠭ ᠲᠠᠢ᠂ ᠴᠡᠴᠡᠷᠯᠢᠭ ᠨᠢ ᠲᠤᠪᠤᠶᠢᠬᠰᠠᠨ ᠰᠢᠨᠵᠢ ᠲᠠᠢ︾ ᠦᠨᠳᠦᠰᠤᠳᠡᠨ ᠤ ᠢᠷᠡᠬᠡᠳᠦᠢ ᠶᠢ ᠬᠦᠮᠦᠵᠢᠬᠦᠯᠬᠦ ᠲᠤᠮᠤᠬᠠᠨ ᠦᠯᠦᠬᠡᠢ ᠪᠤᠯᠵᠤ ᠪᠠᠬᠢᠵᠢᠯ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
᠎ ᠶᠢᠨ ᠲᠠᠪᠠᠭᠤᠯᠢᠭ ᠪᠤᠯᠤᠨ᠎ᠠ᠃      ︽ᠲᠡᠮ ᠲᠡᠮ ᠳᠡᠭᠡᠨ᠂ ᠲᠡᠬᠡᠰᠦ ᠡᠷᠴᠢᠮ ᠳᠡᠭᠡᠨ︾ ᠬᠡᠳᠡᠭᠴᠢᠯᠠᠨ ᠪᠦᠬᠦ ᠴᠡᠴᠡᠷᠯᠢᠭᠴᠢ ᠶᠢᠨ ᠬᠠᠮᠳᠤ ᠶᠢᠨ ᠴᠢᠷᠮᠠᠶᠢᠯᠭ᠎ᠠ ᠪᠠᠷ ᠭᠤᠴᠢᠭᠠᠳ ᠵᠢᠯ ᠤᠨ ᠰᠠᠯᠬᠢᠨ ᠪᠤᠷᠤᠭᠠᠨ ᠢ ᠲᠤᠭᠤᠯᠤᠭᠰᠠᠨ ᠦᠥᠰᠢᠨ ᠬᠤᠰᠢᠭᠤᠨ ᠤ ᠮᠤᠩᠭᠤᠯ ᠦᠨᠳᠦᠰᠦᠳᠡᠡ ᠤ ᠬᠡᠥᠬᠡᠳ ᠤᠨ ᠴᠡᠴᠡᠷᠯᠢᠭ ᠤᠳᠤ ᠨᠠᠢᠮᠠᠨ ᠵᠠᠭᠤ ᠭᠠᠷᠤᠢ ᠬᠡᠥᠬᠡᠳ ᠲᠠᠢ᠂ ︽ᠪᠠᠭᠰᠢ ᠨᠢ ᠲᠤᠰᠬᠠᠶᠢᠵᠢᠭᠰᠠᠨ ᠤᠨᠴᠠᠯᠢᠭ ᠲᠠᠢ᠂ ᠬᠡᠥᠬᠡᠳ ᠨᠢ ᠲᠤᠳᠤᠷᠠᠭᠤᠨ ᠤᠨᠴᠠᠯᠢᠭ ᠲᠠᠢ᠂ ᠴᠡᠴᠡᠷᠯᠢᠭ ᠨᠢ ᠲᠤᠪᠤᠶᠢᠬᠰᠠᠨ ᠰᠢᠨᠵᠢ ᠲᠠᠢ︾ ᠦᠨᠳᠦᠰᠤᠳᠡᠨ ᠤ ᠢᠷᠡᠬᠡᠳᠦᠢ ᠶᠢ ᠬᠦᠮᠦᠵᠢᠬᠦᠯᠬᠦ ᠲᠤᠮᠤᠬᠠᠨ ᠦᠯᠦᠬᠡᠢ ᠪᠤᠯᠵᠤ ᠪᠠᠬᠢᠵᠢᠯ᠎ᠡ᠃  
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号