ᠬᠤᠰᠢᠭᠤ ᠨᠠᠮ ᠤᠨ ᠬᠤᠷᠢᠶᠠᠨ ᠤ ᠱᠦᠵᠢ ᠵᠠᠰᠠᠭ ᠤᠨ ᠣᠷᠳᠣᠨ ᠤ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠰᠣᠮᠣ ᠪᠠᠯᠭᠠᠰᠣᠨ ᠳᠤ ᠬᠦᠷᠴᠣ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠳᠠᠭᠤᠷᠢᠶᠠᠯ ᠴᠡᠭ ᠤᠨ ᠬᠦᠭᠵᠢᠯᠳᠡ ᠶᠢᠨ ᠰᠠᠭᠤᠷᠢ᠂ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠲᠤ ᠨᠡᠬᠦᠨ ᠣᠷᠣᠭᠰᠠᠨ ᠪᠠᠶᠢᠳᠠᠯ ᠪᠠ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠴᠡᠭᠴᠡᠯᠡᠯᠳᠡ ᠵᠡᠷᠬᠡ ᠠᠵᠢᠯ ᠤᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2018-09-13
      ᠪᠦᠬᠦ ᠬᠤᠰᠢᠭᠤᠨ ᠤ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠳᠠᠭᠤᠷᠢᠶᠠᠯ ᠴᠡᠭ ᠤᠨ ᠬᠦᠭᠵᠢᠯᠳᠡ ᠶᠢᠨ ᠰᠠᠭᠤᠷᠢ᠂ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠲᠤ ᠨᠡᠬᠦᠨ ᠣᠷᠣᠭᠰᠠᠨ ᠪᠠᠶᠢᠳᠠᠯ ᠪᠠ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠴᠡᠭᠴᠡᠯᠡᠯᠳᠡ ᠵᠡᠷᠬᠡ ᠠᠵᠢᠯ ᠤᠨ ᠪᠠᠶᠢᠳᠠᠯ ᠢ ᠪᠦᠬᠦ ᠳᠠᠯ᠎ᠠ ᠪᠠᠷ ᠣᠶᠢᠯᠠᠭᠠᠵᠣ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠳᠣᠭᠤᠷᠢᠨ ᠳᠤ ᠰᠢᠨ᠎ᠡ ᠴᠠᠭ ᠦᠶ᠎ᠡ ᠶᠢᠨ ᠮᠠᠯᠵᠢᠬᠤ ᠳᠠᠷᠢᠶᠠᠯᠠᠬᠤ ᠣᠷᠣᠨ ᠤ ᠠᠵᠢᠯ ᠢ ᠯᠠᠪᠳᠠᠭᠤᠨ ᠪᠣᠳᠠᠳᠠᠢ ᠰᠠᠶᠢᠳᠣᠷ ᠬᠢᠬᠦ ᠶᠢᠨ ᠳᠣᠰᠠᠳᠠ 9 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠳᠠᠯ᠎ᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠮᠠᠨ ᠤ ᠬᠤᠰᠢᠭᠤᠨ ᠤ ᠵᠢᠷᠭᠤᠭᠠᠨ ᠰᠣᠮᠣ ᠪᠠᠯᠭᠠᠰᠣᠨ ᠳᠤ ᠬᠦᠷᠴᠣ ᠪᠠᠶᠢᠴᠠᠭᠠᠨ ᠰᠣᠳᠣᠯᠣᠯᠳᠠ ᠵᠢᠭᠠᠨ ᠵᠢᠯᠣᠭᠤᠳᠣᠯᠭ᠎ᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠳᠣ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠳᠣᠪᠴᠢᠶᠠᠨ ᠤ ᠳᠣᠪᠴᠢᠶᠠᠨ ᠳᠠᠷᠤᠭ᠎ᠠ ᠪᠠᠶᠠᠠᠴᠡᠩᠬᠡᠯ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠦᠭᠵᠢᠬᠦᠯᠥᠯᠳᠡ ᠦᠬᠡᠷᠡᠴᠢᠯᠡᠯᠳᠡ ᠶᠢᠨ ᠳᠣᠪᠴᠢᠶ᠎ᠠ᠂ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ᠂ ᠮᠠᠯᠵᠢᠬᠤ ᠳᠠᠷᠢᠶᠠᠯᠠᠬᠤ ᠣᠷᠣᠨ ᠤ ᠠᠵᠢᠯᠯᠠᠬᠤ ᠬᠡᠯᠳᠠᠰ ᠵᠡᠷᠬᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠰᠣᠮᠣ ᠪᠠᠯᠭᠠᠰᠣᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠣᠳᠣᠯᠣᠯᠳᠠ ᠬᠢᠪᠠ᠃      ᠵᠣᠣ ᠹᠧᠢ ᠯᠤ᠋ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠵᠢᠱᠢᠶ᠎ᠠ ᠦᠵᠡᠬᠦᠯᠬᠦ ᠴᠡᠭ ᠤᠨ ᠠᠵᠣ ᠣᠶᠢᠯᠡᠰ ᠤᠨ ᠬᠦᠭᠵᠢᠯᠳᠡ ᠶᠢᠨ ᠪᠠᠶᠢᠳᠠᠯ ᠢ ᠳᠡᠬᠡᠳᠣ ᠬᠡᠮᠵᠢᠶ᠎ᠠ ᠪᠠᠷ ᠴᠢᠬᠤᠯᠡᠴᠢᠯᠡᠨ ᠰᠢᠷᠬᠤᠰᠣᠨ ᠪᠠᠯᠭᠠᠰᠣᠨ ᠤ ᠸᠠᠩ ᠶᠣᠣ ᠸᠠᠨ ᠳᠣᠰᠬᠤᠨ᠂ ᠳᠣᠭᠠᠷ ᠤᠨ ᠳᠣᠬᠤᠢ ᠳᠣᠰᠬᠤᠨ᠂ ᠰᠦᠯᠳᠡ ᠰᠣᠮᠣᠨ ᠤ ᠳᠣᠭᠤᠷᠢᠮ ᠭᠠᠴᠠᠭ᠎ᠠ᠂ ᠭᠠᠯᠠᠭᠤᠳᠣ ᠪᠠᠯᠭᠠᠰᠣᠨ ᠤ ᠷᠠᠰᠢᠶᠠᠨ ᠳᠣᠬᠤᠢ ᠳᠣᠰᠬᠤᠨ᠂ ᠬᠦᠬᠡᠨᠠᠭᠤᠷ ᠭᠠᠴᠠᠭ᠎ᠠ᠂ ᠦᠣᠰᠢᠨᠵᠣᠣ ᠪᠠᠯᠭᠠᠰᠣᠨ ᠤ ᠪᠦᠷᠢᠳᠣ ᠭᠠᠴᠠᠭ᠎ᠠ᠂ ᠦᠣᠰᠢᠨᠵᠣᠣ ᠭᠠᠴᠠᠭ᠎ᠠ᠂ ᠳᠤᠭ ᠪᠠᠯᠭᠠᠰᠣᠨ ᠤ ᠬᠤᠸᠠᠳᠣᠯᠣᠭᠠᠢ ᠭᠠᠴᠠᠭ᠎ᠠ᠂ ᠣᠯᠠᠭᠠᠠᠳᠣᠯᠣᠭᠠᠢ ᠪᠠᠯᠭᠠᠰᠣᠨ ᠤ ᠪᠠᠶᠠᠠᠭᠤᠣᠯ ᠭᠠᠴᠠᠭ᠎ᠠ ᠳᠤ ᠣᠷᠢᠳ ᠬᠤᠵᠢᠳ ᠬᠦᠷᠴᠣ ᠪᠠᠶᠢᠴᠠᠭᠠᠨ ᠰᠣᠳᠣᠯᠣᠯᠳᠠ ᠬᠢᠵᠣ ᠬᠦᠷᠦᠭᠰᠡᠨ ᠭᠠᠵᠠᠷ ᠪᠣᠯᠭᠠᠨ ᠳᠤ ᠰᠣᠮᠣ ᠪᠠᠯᠭᠠᠰᠣ᠂ ᠭᠠᠴᠠᠭ᠎ᠠ ᠳᠣᠰᠬᠤᠨ ᠤ ᠺᠠᠳ᠋ᠷ ᠠᠵᠢᠯᠳᠠᠨ ᠪᠠ ᠳᠣᠬᠠᠢ ᠶᠢᠨ ᠭᠠᠵᠠᠷ ᠤᠨ ᠮᠠᠯᠴᠢᠨ ᠳᠠᠷᠢᠶᠠᠴᠢᠨ᠂ ᠮᠠᠯᠵᠢᠯ ᠳᠡᠵᠢᠬᠡᠪᠣᠷᠢ ᠶᠢᠨ ᠳᠣᠮᠣ ᠡᠷᠦᠬᠡ ᠲᠠᠢ ᠨᠠᠷᠢᠨ ᠶᠠᠷᠢᠯᠴᠠᠨ ᠮᠠᠯ ᠳᠠᠷᠢᠶᠠᠯᠠᠩ ᠤᠨ ᠣᠶᠢᠯᠡᠰ ᠤᠨ ᠬᠦᠭᠵᠢᠯᠳᠡ ᠶᠢᠨ ᠲᠥᠯᠥᠪᠵᠢᠬᠦᠯᠬᠡ ᠪᠠ ᠮᠠᠯᠴᠢᠨ ᠳᠠᠷᠢᠶᠠᠴᠢᠨ ᠤ ᠣᠶᠢᠯᠡᠳᠪᠣᠷᠢᠯᠡᠯ ᠠᠮᠢᠳᠣᠷᠠᠯ ᠤᠨ ᠪᠠᠶᠢᠳᠠᠯ ᠢ ᠰᠠᠶᠢᠨ ᠣᠶᠢᠯᠠᠭᠠᠭᠰᠠᠨ ᠪᠠᠶᠢᠨ᠎ᠠ᠃      ᠵᠣᠣ ᠹᠧᠢ ᠯᠤ᠋ ᠵᠢᠭᠠᠵᠣ ᠭᠠᠷᠭᠠᠭᠰᠠᠨ ᠨᠢ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶ᠎ᠠ ᠨᠠᠮ ᠪᠠ ᠲᠦᠷᠦ ᠶᠢᠨ ᠶᠠᠪᠣᠳᠠᠯ ᠤᠨ ᠪᠦᠬᠦ ᠳᠠᠯ᠎ᠠ ᠶᠢ ᠴᠢᠬᠤᠯᠠᠴᠢᠯᠠᠵᠣ ᠦᠢ ᠣᠯᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠢ ᠪᠠᠶᠠᠯᠡᠬᠦᠯᠬᠦ ᠪᠠᠷ ᠳᠣᠭᠳᠠᠭᠠᠭᠰᠠᠨ ᠴᠢᠬᠤᠯᠠ ᠶᠡᠭᠡ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠮᠦᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠰᠢᠢᠳᠪᠣᠷᠢᠳᠣ ᠢᠯᠡᠯᠳᠡ ᠶᠢ ᠣᠯᠵᠣ ᠨᠡᠶᠢᠬᠡᠮ ᠵᠢᠷᠣᠮᠳᠣ ᠣᠳᠣᠬᠢᠴᠢᠯᠠᠭᠰᠠᠨ ᠣᠯᠣᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠴᠢᠬᠤᠯᠠ ᠶᠡᠭᠡ ᠳᠡᠣᠬᠡᠳᠣ ᠡᠬᠦᠷᠬᠡ ᠮᠥᠨ᠂ ᠰᠢᠨ᠎ᠡ ᠴᠠᠭ ᠦᠶ᠎ᠡ ᠳᠤ ︽ᠮᠠᠯ ᠳᠠᠷᠢᠶᠠᠯᠠᠩ ᠤᠨ ᠠᠵᠣ ᠠᠬᠤᠢ᠂ ᠮᠠᠯᠴᠢᠨ ᠳᠠᠷᠢᠶᠠᠴᠢᠨ ᠂ ᠮᠠᠯᠵᠢᠬᠤ ᠳᠠᠷᠢᠶᠠᠯᠠᠬᠤ ᠣᠷᠣᠨ︾ ᠤ ᠠᠵᠢᠯ ᠢ ᠰᠠᠶᠢᠳᠣᠷ ᠬᠢᠬᠦ ᠰᠢᠨ᠎ᠡ ᠳᠤᠭ ᠳᠡᠮᠳᠡᠭ ᠪᠠ ᠶᠡᠷᠦᠩᠬᠡᠢ ᠭᠠᠷᠳᠠᠴᠠ ᠮᠥᠨ᠃ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠠᠵᠢᠯ ᠤᠨ ᠳᠠᠭᠤᠷᠢᠶᠠᠯ ᠦᠵᠡᠬᠦᠯᠬᠦ ᠴᠡᠭ ᠢ ᠰᠣᠩᠭᠤᠨ ᠬᠦᠭᠵᠢᠬᠦᠯᠬᠦ ᠨᠢ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠤᠨ ᠮᠠᠯᠵᠢᠬᠤ ᠳᠠᠷᠢᠶᠠᠯᠠᠬᠤ ᠣᠷᠣᠨ ᠤ ᠪᠦᠬᠦ ᠳᠠᠯ᠎ᠠ ᠶᠢᠨ ᠬᠦᠭᠵᠢᠯᠳᠡ ᠶᠢ ᠠᠬᠢᠭᠤᠯᠬᠤ ᠳᠤ ᠢᠳᠡᠪᠬᠢ ᠣᠶᠢᠯᠡᠳᠣᠯ ᠪᠠ ᠴᠢᠬᠤᠯᠠ ᠪᠣᠯᠬᠤ ᠣᠳᠬ᠎ᠠ ᠠᠭᠤᠯᠭ᠎ᠠ ᠲᠠᠢ ᠬᠡᠪᠠ᠃      ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠤ᠂ ᠦᠵᠡᠯᠲᠡ ᠲᠠᠨᠢᠯᠲᠠ ᠪᠠᠨ ᠬᠦᠨᠵᠡᠭᠡᠶᠢᠷᠡᠭᠦᠯᠦᠨ᠂ ᠭᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠤ᠂ ᠵᠢᠱᠢᠶᠡᠴᠢ ᠴᠡᠭ ᠤᠨ ᠪᠦᠲᠦᠭᠡᠨ ᠪᠡᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ ᠂ ᠠᠵᠤ ᠦᠢᠯᠡᠰ ᠤᠨ ᠬᠦᠭᠵᠢᠯᠲᠡ ᠶᠢ ᠰᠠᠶᠢᠲᠤᠷ ᠠᠳᠬᠤᠵᠤ᠂ ᠵᠢᠱᠢᠶᠡᠴᠢ ᠶᠢᠨ ᠳᠠᠭᠠᠭᠤᠯᠤᠭᠴᠢ ᠦᠢᠯᠡᠳᠤᠯ ᠢ ᠢᠳᠡᠪᠬᠢᠲᠠᠢ ᠪᠠᠳᠠᠷᠠᠭᠤᠯᠤᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠨᠦᠬᠦᠴᠡᠯ ᠢ ᠲᠠᠰᠤᠷᠠᠯᠲᠠ ᠦᠭᠡᠢ ᠦᠭᠡᠷᠡᠴᠢᠯᠡᠨ᠂ ᠮᠠᠯᠴᠢᠨ ᠲᠦᠮᠡᠨ ᠤ ᠤᠷᠤᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠠᠢ᠃ ᠰᠢᠨ᠎ᠡ ᠶᠢ ᠡᠭᠦᠳᠬᠦ ᠰᠡᠳᠬᠢᠬᠦᠢ ᠪᠠᠷ ᠬᠦᠭᠵᠢᠯᠲᠡ ᠶᠢ ᠡᠷᠢᠯᠬᠢᠯᠡᠨ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠤ ᠲᠦᠯᠦᠪᠵᠢᠭᠦᠯᠤᠨ᠂ ᠪᠤᠳᠠᠲᠠᠢ ᠲᠠᠢ ᠤᠶᠠᠯᠳᠤᠭᠤᠯᠤᠨ ᠪᠦᠲᠦᠭᠡᠨ ᠪᠠᠶᠢᠭᠤᠯᠵᠤ᠂ ︽ᠨᠢᠭᠡ ᠭᠠᠴᠠᠭ᠎ᠠ ᠲᠤᠰᠬᠤᠨ ᠨᠢᠭᠡ ᠦᠢᠯᠡᠳᠬᠦᠨ︾ ︽ᠨᠢᠭᠡ ᠭᠠᠴᠠᠭ᠎ᠠ ᠲᠤᠰᠬᠤᠨ ᠨᠢᠭᠡ ᠠᠵᠤ ᠠᠬᠤᠶᠢᠯᠠᠯ︾ ᠪᠠ ᠭᠦᠳᠡᠭᠡ ᠲᠤᠰᠬᠤᠨ ᠤ ᠬᠦᠭᠵᠢᠯᠲᠡ ᠶᠢᠨ ᠶᠠᠰᠤ ᠴᠢᠨᠠᠷᠲᠠᠢ᠂ ᠪᠤᠬᠢᠷᠳᠤᠯ ᠦᠭᠡᠢ᠂ ᠠᠵᠤ ᠠᠬᠤᠶᠢᠯᠠᠯᠲᠤ ᠬᠦᠭᠵᠢᠯᠲᠡ  ᠶᠢ ᠪᠠᠷᠢᠮᠲᠠᠯᠠᠨ᠂ ᠠᠳᠠᠯᠢ ᠪᠤᠰᠤ ᠬᠦᠭᠵᠢᠯᠲᠡ ᠶᠢᠨ ᠭᠡᠯᠪᠡᠷᠢ ᠶᠢ ᠰᠦᠪᠡᠭᠴᠢᠯᠡᠨ᠂ ᠡᠯ᠎ᠡ ᠰᠤᠮᠤ ᠪᠠᠯᠭᠠᠰᠤᠨ ᠤ ᠳᠠᠪᠠᠭᠤᠯᠢᠭ ᠠᠵᠤ ᠦᠢᠯᠡᠰ ᠤᠨ ᠬᠦᠭᠵᠢᠯᠲᠡ ᠶᠢ ᠤᠯᠠᠮ ᠨᠢᠭᠡ ᠠᠯᠬᠤᠮ ᠢᠯᠡᠷᠡᠭᠦᠯᠦᠨ ᠬᠦᠭᠵᠢᠭᠦᠯᠵᠤ᠂ ᠠᠵᠤ ᠠᠬᠤᠶᠢᠯᠠᠯ ᠤᠨ ᠤᠯᠠᠨ ᠲᠠᠯᠠᠲᠤ ᠬᠦᠭᠵᠢᠯᠲᠡ ᠶᠢ ᠠᠬᠢᠭᠤᠯᠤᠨ᠂ ᠭᠠᠴᠠᠭ᠎ᠠ ᠲᠤᠰᠬᠤᠨ ᠤ ᠲᠤᠰ ᠪᠡᠶ᠎ᠡ ᠶᠢᠨ ︽ᠴᠢᠰᠤ ᠪᠦᠲᠦᠭᠡᠬᠦ︾ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠶᠢᠯᠠᠯ ᠢ ᠦᠷᠭᠦᠯᠵᠢᠯᠡᠨ ᠪᠤᠵᠠᠭᠠᠶᠢᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠵᠤ᠂ ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠲᠠ ᠬᠠᠮᠢᠶᠠᠷᠤᠯᠲᠠ ᠶᠢ ᠦᠨᠡᠨᠬᠦ ᠪᠡᠶᠡᠯᠡᠭᠦᠯᠤᠨ᠂ ᠠᠷᠠᠳ ᠲᠦᠮᠡᠨ ᠳᠤ ᠠᠰᠢᠭ ᠭᠦᠷᠲᠡᠭᠡᠬᠦ ᠬᠡᠷᠡᠭᠲᠠᠢ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠠᠴᠢ ᠴᠤᠭᠴᠠ ᠪᠠ ᠲᠤᠯᠤᠭᠠᠶᠢᠯᠠᠭᠴᠢ ᠠᠵᠤ ᠦᠢᠯᠡᠰ ᠤᠨ ᠳᠠᠭᠠᠭᠤᠯᠭ᠎ᠠ ᠪᠠᠷ ᠳᠠᠮᠵᠢᠭᠤᠯᠤᠨ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠮᠠᠯ ᠠᠵᠤ ᠠᠬᠤᠶᠢᠯᠠᠯ ᠤᠨ ᠳᠡᠭᠡᠳᠤ ᠰᠢᠨ᠎ᠡ ᠮᠡᠷᠭᠡᠵᠢᠯᠲᠤ ᠴᠢᠨᠠᠷ ᠰᠠᠶᠢᠳᠠᠢ ᠦᠨᠳᠤᠷ ᠦᠷ᠎ᠡ ᠠᠰᠢᠭᠲᠤ ᠬᠦᠭᠵᠢᠯᠲᠡ ᠶᠢ ᠶᠡᠭᠡᠪᠡᠷ ᠬᠦᠭᠵᠢᠭᠦᠯᠦᠨ᠂ ᠨᠢᠭᠡ ᠪᠦᠯᠦᠭ ᠬᠡᠪᠴᠢᠶᠡᠵᠢᠭᠰᠡᠨ᠂ ᠡᠷᠴᠢᠮᠵᠢᠭᠰᠡᠨ᠂ ᠨᠠᠷᠢᠯᠢᠭᠵᠢᠭᠰᠡᠨ᠂ ᠠᠮᠢ ᠠᠬᠤᠶᠢᠵᠢᠭᠰᠠᠨ ᠮᠠᠯ ᠠᠵᠤ ᠠᠬᠤᠶᠢᠯᠠᠯ ᠤᠨ ᠠᠵᠤ ᠦᠢᠯᠡᠰ ᠤᠨ ᠤᠨᠴᠠᠯᠢᠭᠲᠤ ᠰᠠᠭᠤᠷᠢᠨ ᠭᠠᠵᠠᠷ ᠢ ᠬᠦᠴᠦᠯᠡᠨ ᠪᠤᠢ ᠪᠤᠯᠭᠠᠵᠤ᠂ ᠨᠢᠭᠡ ᠪᠦᠯᠦᠭ ᠤᠬᠢ ᠰᠠᠶᠢᠨ᠂ ᠨᠡᠷᠡᠲᠤ ᠲᠡᠮᠲᠡᠭᠵᠢᠭᠰᠡᠨ᠂ ᠠᠮᠢ ᠠᠬᠤᠶᠢᠵᠢᠭᠰᠠᠨ ᠮᠠᠯ ᠲᠠᠷᠢᠶᠠᠯᠠᠩ ᠤᠨ ᠪᠦᠲᠦᠭᠡᠭᠳᠡᠭᠦᠨ ᠢ ᠦᠢᠯᠡᠳᠴᠤ᠂ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠠᠵᠤ ᠦᠢᠯᠡᠰᠵᠢᠬᠦ ᠠᠬᠢᠴᠠ ᠶᠢ ᠬᠦᠴᠦᠲᠠᠢ ᠠᠬᠢᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠬᠦ ᠬᠡᠷᠡᠭᠲᠠᠢ᠃ ᠦᠨᠳᠤᠰᠤᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠦᠢᠯᠡᠳᠤᠯ ᠢ ᠭᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠪᠠᠲᠤ ᠴᠢᠩᠭ᠎ᠠ ᠲᠠᠶᠢᠨ ᠤ ᠪᠠᠬᠢᠯᠡᠯᠲᠡ ᠪᠤᠯᠭᠠᠵᠤ᠂ ᠮᠠᠯᠴᠢᠨ ᠲᠠᠷᠢᠶᠠᠴᠢᠨ ᠤ ᠭᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠳᠤ ᠤᠷᠤᠯᠴᠠᠬᠤ ᠢᠳᠡᠪᠬᠢᠵᠢᠯ ᠢ ᠦᠨᠡᠨᠬᠦ ᠳᠠᠶᠢᠴᠢᠯᠠᠵᠤ᠂ ᠡᠴᠤᠰ ᠲᠤ ᠨᠢ ᠴᠢᠳᠠᠪᠤᠷᠢᠲᠠᠨ ᠴᠤᠯᠭᠤᠷᠠᠵᠤ᠂ ᠦᠢᠯᠡᠰ ᠦᠷᠨᠢᠵᠤ᠂ ᠤᠷᠴᠢᠨ ᠲᠤᠭᠤᠷᠢᠨ ᠨᠢ ᠭᠤᠶᠤᠵᠢᠨ᠂ ᠠᠷᠠᠳ ᠨᠢ ᠴᠢᠨᠡᠭᠡᠯᠢᠭᠵᠢᠭᠰᠡᠨ ᠬᠠᠮᠲᠤ ᠶᠢᠨ ᠵᠤᠷᠢᠯᠭ᠎ᠠ ᠶᠢ ᠪᠡᠶᠡᠯᠡᠭᠦᠯᠬᠦ ᠬᠡᠷᠡᠭᠲᠠᠢ ᠭᠡᠪᠡ᠃      ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠤᠨ ᠨᠡᠭᠦᠨ ᠤᠷᠤᠭᠰᠠᠨ ᠨᠤᠷᠮ᠎ᠠ ᠳᠤᠤᠷ᠎ᠠ ᠪᠠᠶᠢᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠵᠣᠣ ᠹᠧᠢ ᠯᠤ᠋ ᠰᠢᠷᠠᠤ᠋ᠰᠤᠨ ᠪᠠᠯᠭᠠᠰᠤ᠂ ᠰᠦᠯᠳᠡ ᠰᠤᠮᠤᠨ ᠤ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠢᠶᠠᠷ ᠬᠦᠷᠴᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠵᠢᠯᠤᠭᠤᠳᠴᠤ᠂ ᠰᠤᠮᠤ ᠪᠠᠯᠭᠠᠰᠤ ᠪᠤᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠨ᠂ ᠰᠠᠭᠤᠭᠠᠯᠢ ᠠᠷᠠᠳ ᠤᠨ ᠴᠡᠭ ᠤᠨ ᠶᠠᠰᠤ ᠴᠢᠨᠠᠷ ᠳᠡᠭᠡᠭᠰᠢᠯᠡᠭᠦᠯᠬᠦ᠂ ᠨᠡᠭᠦᠨ ᠤᠷᠤᠵᠤ᠂ ᠠᠵᠤ ᠦᠢᠯᠡᠰ ᠤᠨ ᠬᠦᠭᠵᠢᠯᠲᠡ᠂ ᠬᠠᠮᠢᠶᠠᠷᠤᠯᠲᠠ ᠦᠢᠯᠡᠴᠢᠯᠡᠭᠡ᠂ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠵᠡᠷᠭᠡ ᠠᠵᠢᠯ ᠤᠨ ᠠᠬᠢᠭᠤᠯᠤᠯᠲᠠ ᠶᠢᠨ ᠪᠠᠶᠢᠳᠠᠯ ᠪᠠ ᠠᠵᠢᠯ ᠤᠨ ᠠᠬᠢᠭᠤᠯᠤᠭᠳᠠᠵᠤ ᠪᠠᠶᠢᠭ᠎ᠠ ᠶᠠᠪᠤᠴᠠ ᠳᠠᠬᠢ ᠬᠦᠴᠢᠷᠳᠡᠯ᠂ ᠠᠰᠠᠭᠤᠳᠠᠯ ᠵᠡᠷᠭᠡ ᠶᠢ ᠨᠠᠷᠢᠨ ᠤᠶᠢᠯᠠᠭᠠᠵᠤ᠂ ᠠᠰᠠᠭᠤᠳᠠᠯ ᠢ ᠰᠢᠢᠳᠪᠤᠷᠢᠯᠡᠬᠦ ᠪᠤᠳᠠᠲᠠᠢ ᠠᠷᠭ᠎ᠠ ᠪᠠᠷᠢᠯ ᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠭᠰᠠᠨ ᠪᠠᠶᠢᠨ᠎ᠠ᠃ ᠡᠯ᠎ᠡ ᠰᠤᠮᠤ ᠪᠠᠯᠭᠠᠰᠤᠨ ᠤ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠤᠨ ᠮᠠᠯᠴᠢᠨ ᠲᠠᠷᠢᠶᠠᠴᠢᠨ ᠤ ᠨᠡᠭᠦᠵᠤ ᠤᠷᠤᠬᠤ ᠠᠵᠢᠯ ᠢ ᠲᠦᠷᠭᠡᠳᠬᠡᠨ ᠠᠬᠢᠭᠤᠯᠵᠤ᠂ ᠤᠷᠤᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦ ᠦᠢᠯᠡᠰ ᠢ ᠢᠵᠢ ᠪᠦᠷᠢᠳᠤᠭᠦᠯᠵᠤ᠂ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠨ᠂ ᠪᠤᠬᠢᠷ ᠤᠰᠤᠨ ᠤ ᠠᠷᠢᠭᠤᠳᠬᠠᠯ ᠤᠨ ᠠᠵᠢᠯ ᠢ ᠰᠠᠶᠢᠲᠤᠷ ᠬᠢᠵᠤ᠂ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠤ ᠨᠡᠭᠦᠵᠤ ᠤᠷᠤᠭᠠᠳ ᠲᠠᠪᠠᠲᠠᠢ ᠰᠠᠭᠤᠵᠤ ᠪᠠᠶᠠᠵᠢᠨ ᠴᠢᠨᠡᠭᠡᠯᠢᠭᠵᠢᠬᠦ ᠶᠢ ᠪᠠᠲᠤᠯᠠᠬᠤ ᠬᠡᠷᠡᠭᠲᠠᠢ ᠭᠡᠵᠤ ᠱᠠᠭᠠᠷᠳᠠᠪᠠ᠃      ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠤᠩᠬᠡᠢ ᠴᠡᠭᠴᠡᠯᠡᠯᠲᠡ ᠶᠢᠨ ᠠᠵᠢᠯ ᠶᠢᠨ ᠪᠠᠶᠢᠳᠠᠯ ᠳᠤ ᠴᠢᠭᠯᠡᠭᠦᠯᠦᠨ᠂ ᠵᠤᠤ ᠹᠧᠢ ᠯᠤ᠋ ᠤᠷᠢᠳ ᠬᠤᠵᠢᠳ ᠦᠤᠰᠢᠨᠵᠤᠤ ᠪᠠᠯᠭᠠᠰᠤᠨ ᠤ ᠬᠤᠭ ᠨᠤᠪᠰᠢ ᠶᠢ ᠲᠦᠪᠯᠡᠷᠡᠭᠦᠯᠦᠨ ᠬᠤᠷᠢᠶᠠᠬᠤ ᠴᠡᠭ᠂ ᠲᠤᠭ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠪᠤᠯᠠᠬᠤ ᠲᠠᠯᠠᠪᠠᠢ ᠳᠤ ᠬᠦᠷᠴᠤ᠂ ᠲᠤᠬᠠᠢ ᠶᠢᠨ ᠲᠠᠯᠠᠪᠠᠢ ᠳᠤᠨᠢ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠤᠷᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠵᠤᠤ ᠹᠧᠢ ᠯᠤ᠋ ᠱᠠᠭᠠᠷᠳᠠᠬᠤ ᠳᠤ ᠪᠠᠨ᠂ ᠡᠯ᠎ᠡ ᠰᠤᠮᠤ ᠪᠠᠯᠭᠠᠰᠤ ᠪᠦᠬᠦ ᠲᠠᠯ᠎ᠠ ᠪᠠᠷ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠭᠤᠷᠪᠠᠨ ᠵᠢᠯ ᠤᠨ ᠵᠠᠰᠠᠯᠲᠠ ᠶᠢᠨ ᠲᠦᠰᠦᠯ ᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢ ᠨᠡᠶᠢᠳᠡᠮᠵᠢᠭᠦᠯᠵᠤ᠂ ᠬᠤᠭ ᠨᠤᠪᠰᠢ ᠂ ᠪᠤᠵᠠᠷ ᠤᠰᠤ ᠶᠢ ᠰᠢᠢᠳᠪᠤᠷᠢᠯᠡᠬᠦ ᠪᠠ ᠵᠤᠷᠯᠤᠩ ᠦᠭᠡᠷᠡᠴᠢᠯᠡᠬᠦ ᠠᠵᠢᠯ ᠢᠶᠠᠷ ᠭᠤᠤᠯᠳᠠᠯᠭ᠎ᠠ ᠪᠤᠯᠭᠠᠵᠤ᠂ ᠤᠷᠲᠤ ᠬᠤᠭᠤᠴᠠᠭᠠᠨ ᠤ ᠪᠦᠲᠦᠮᠵᠢᠲᠠᠢ ᠬᠠᠮᠢᠶᠠᠷᠤᠯᠲᠠ ᠬᠠᠮᠠᠭᠠᠯᠠᠯᠲᠠ ᠪᠠ ᠠᠵᠢᠯᠯᠠᠭᠠᠨ ᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ  ᠢ  ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ ᠭᠡᠪᠡ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠨᠠᠭᠤᠷ ᠭᠤᠤᠯ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠲᠤᠬᠠᠢ ᠵᠤᠤ ᠹᠧᠢ ᠯᠤ᠋ ᠭᠠᠯᠠᠭᠤᠲᠤ ᠪᠠᠯᠭᠠᠰᠤᠨ ᠤ ᠪᠦᠯᠬᠦᠮᠳᠡᠯ ᠤᠰᠤᠨ ᠴᠦᠭᠦᠷᠤᠮ ᠳᠤ ᠭᠦᠷᠴᠤ ᠪᠠᠶᠢᠴᠠᠭᠠᠨ ᠰᠤᠳᠤᠯᠤᠯᠲᠠ ᠬᠢᠵᠤ᠂ ᠤᠰᠤᠨ ᠤ ᠤᠷᠴᠢᠨ ᠲᠤᠭᠤᠷᠢᠨ  ᠤ ᠬᠠᠮᠠᠭᠠᠯᠠᠯᠲᠠ ᠶᠢᠨ ᠠᠵᠢᠯ ᠳᠤ ᠲᠤᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ᠃ ᠵᠤᠤ ᠹᠧᠢ ᠯᠤ᠋ ᠱᠠᠭᠠᠷᠳᠠᠬᠤ ᠳᠤ  ᠪᠠᠨ᠂ ᠡᠯ᠎ᠡ ᠱᠠᠲᠤᠨ ᠤ ᠨᠠᠭᠤᠷ ᠭᠤᠤᠯ ᠤᠨ ᠳᠠᠷᠤᠭ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠨᠠᠭᠤᠷ ᠭᠤᠤᠯ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠲᠤᠭᠤᠰᠢᠯᠠᠭᠤᠯᠵᠤ᠂ ᠭᠤᠤᠯ ᠤᠨ ᠤᠷᠤᠰᠬᠠᠯ ᠤᠨ ᠶᠡᠷᠤᠩᠭᠡᠢ ᠵᠠᠰᠠᠯᠲᠠ ᠪᠠ ᠤᠰᠤᠨ ᠰᠢᠰᠲ᠋ᠧᠮ ᠤᠨ ᠬᠤᠯᠪᠤᠭᠳᠠᠯ ᠪᠦᠬᠦᠢ ᠲᠦᠷᠦᠯ ᠵᠦᠢᠯ  ᠤᠨ ᠲᠦᠯᠦᠪᠵᠢᠭᠦᠯᠭᠡ ᠶᠢᠨ ᠪᠦᠲᠦᠭᠡᠨ ᠪᠡᠶᠢᠭᠤᠯᠤᠯᠲᠠ ᠶᠢ ᠨᠢᠭᠡᠳᠤᠯᠲᠠᠢ ᠲᠦᠯᠦᠪᠵᠢᠭᠦᠯᠵᠤ ᠵᠤᠬᠢᠴᠠᠭᠤᠯᠤᠨ᠂ ᠠᠭᠤᠷᠬᠠᠢ ᠶᠢᠨ ᠤᠰᠤᠨ ᠤ ᠶᠡᠷᠤᠩᠭᠡᠢ ᠵᠠᠰᠠᠯᠲᠠ ᠠᠰᠢᠭᠯᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠭᠤᠤᠯ  ᠤᠨ ᠦᠶᠡᠷ ᠤᠰᠤᠳᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯ ᠤᠨ ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠭᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠨᠠᠶᠢᠳᠠᠪᠤᠷᠢᠲᠠᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠪᠠ ᠰᠢᠯᠢᠳᠡᠭ ᠰᠠᠶᠢᠨ ᠤᠰᠤᠨ ᠤ ᠠᠮᠢ ᠠᠬᠤᠢ ᠶᠢᠨ ᠲᠤᠯᠭᠠᠭᠤᠷᠢ ᠶᠢ ᠬᠠᠩᠭᠠᠬᠤ ᠬᠡᠷᠡᠭᠲᠠᠢ ᠭᠡᠪᠡ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号