ᠤᠶᠢᠷ᠎ᠠ ᠶᠢᠨ ᠵᠢᠯ ᠠᠴᠠ ᠨᠠᠰᠢ ᠦᠤᠰᠢᠨ ᠬᠤᠰᠢᠭᠤ ᠨᠢ ᠰᠢ ᠶᠢᠨ ᠫᠢᠩ ᠤᠨ ᠰᠢᠷᠢᠰ ᠴᠢᠬᠤᠯᠨ ᠶᠠᠷᠢᠶᠠᠨ ᠤ | ᠵᠤᠷᠢᠭ ᠰᠠᠨᠠᠭ᠎ᠠ ᠪᠠ ᠲᠦᠷᠤ ᠪᠠᠷᠢᠵᠤ ᠤᠯᠤᠰ ᠢᠶᠠᠨ ᠵᠠᠰᠠᠬᠤ ᠰᠢᠨ᠎ᠡ ᠦᠵᠡᠯᠳᠠ ᠰᠢᠨ᠎ᠡ ᠵᠤᠷᠢᠭ ᠰᠠᠨᠠᠭ᠎ᠠ ᠰᠢᠨ᠎ᠠ | ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠭᠤᠰᠢᠯᠠᠭᠤᠯᠤᠨ᠂ ︽ᠨᠤᠮᠢᠨ ᠲᠠᠩᠰᠤᠭ ᠦᠤᠰᠢᠨ︾ ᠤ ᠬᠦᠭᠵᠢᠯᠳᠠ ᠶᠢᠨ | ᠤᠨᠤᠯᠵᠢᠭᠤᠨ ᠪᠠ ᠠᠷᠠᠳ ᠲᠦᠮᠡᠨ ᠢᠶᠠᠨ ᠭᠤᠤᠯ ᠪᠤᠯᠭᠠᠬᠤ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠨ᠂ ᠠᠷᠠᠳ | ᠤᠨ ᠠᠮᠢᠳᠤᠷᠠᠯ ᠢ ᠰᠠᠶᠢᠵᠢᠷᠠᠭᠤᠯᠬᠤ ᠪᠠ ᠠᠷᠠᠳ ᠤᠯᠠᠨ ᠤ ᠠᠵᠨ ᠵᠢᠷᠭᠠᠯ ᠢ ᠨᠡᠮᠡᠭᠳᠡᠭᠦᠯᠬᠦ ᠶᠢ ᠲᠠᠷᠢᠭᠦᠨ ᠪᠠᠶᠢᠷᠢᠨ | ᠳᠤ ᠲᠠᠯᠪᠢᠵᠤ᠂ ︽ᠠᠷᠠᠳ ᠤᠨ ᠲᠦᠯᠦᠭᠡ ᠪᠤᠯᠪᠠᠰᠤᠨ ᠬᠤᠳᠠ ᠶᠢ ᠡᠭᠦᠳᠦᠨ᠂ ᠠᠷᠠᠳ ᠲᠤ ᠠᠰᠢᠭ ᠬᠦᠷᠳᠡᠭᠡᠬᠦ ᠪᠠᠷ | ᠪᠤᠯᠪᠠᠰᠤᠨ ᠬᠤᠳᠠ ᠶᠢ ᠡᠭᠦᠳᠦᠨ᠂ ᠪᠤᠯᠪᠠᠰᠤᠨ ᠬᠤᠳᠠ ᠶᠢ ᠡᠭᠦᠳᠬᠦ ᠳᠤ ᠠᠷᠠᠳ ᠲᠤ ᠲᠦᠰᠢᠭᠯᠡᠬᠦ︾ ᠵᠤᠷᠢᠯᠳᠠ | ᠪᠠᠷ ᠬᠤᠰᠢᠭᠤ ᠲᠠᠶᠠᠭᠠᠷ ᠢᠶᠠᠨ ᠬᠠᠮᠳᠤᠪᠠᠷ ᠬᠦᠳᠡᠯᠦᠯᠴᠡᠨ ᠤᠷᠢᠳ ᠬᠤᠵᠢᠳ 2009 ᠤᠨ ᠳᠤ ᠪᠦᠬᠦ ᠤᠷᠤᠨ ᠤ | ᠪᠤᠯᠪᠠᠰᠤᠨ ᠬᠤᠰᠢᠭᠤ᠂ 2011 ᠤᠨ ᠳᠤ ᠪᠦᠬᠦ ᠤᠯᠤᠰ ᠤᠨ ᠪᠤᠯᠪᠠᠰᠤᠨ ᠬᠤᠰᠢᠭᠤ ᠶᠢ ᠠᠮᠵᠢᠯᠳᠠ ᠲᠠᠢ | ᠡᠭᠦᠳᠦᠨ ᠪᠠᠶᠢᠭᠤᠯᠤᠭᠰᠠᠨ ᠪᠠ ᠭᠡᠳᠤ ᠤᠳᠠᠭᠠᠨ ᠤ ᠲᠠᠪᠳᠠᠨ ᠰᠢᠯᠭᠠᠯᠳᠠ ᠶᠢ ᠲᠤᠭᠤᠯᠤᠨ᠂ 2018 ᠤᠨ ᠳᠤ ᠪᠦᠬᠦ | ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠬᠦ ᠨᠡᠷ᠎ᠠ ᠲᠤᠷᠠᠳᠤᠭᠰᠠᠳ ᠤᠨ ᠡᠩᠨᠡᠭᠡᠨ ᠳᠤ | ᠤᠷᠤᠭᠰᠠᠨ ᠪᠠᠶᠢᠨ᠎ᠠ᠃ | ᠰᠢᠨ᠎ᠡ ᠭᠦᠭᠵᠢᠯᠳᠠ ᠶᠢᠨ ᠵᠤᠭᠰᠤᠴᠨ ᠲᠡᠭᠡᠷ᠎ᠡ ᠦᠨᠦ ᠵᠢᠯ ᠬᠤᠰᠢᠭᠤ ᠨᠠᠮ ᠤᠨ ᠬᠤᠷᠢᠶ᠎ᠠ ᠵᠠᠰᠠᠭ ᠤᠨ | ᠤᠷᠳᠤᠨ ᠨᠢ ᠬᠤᠷᠳᠤᠨ ᠬᠦᠯᠦᠭ ᠲᠡᠭᠡᠨ ᠲᠠᠰᠢᠭᠤᠷ ᠨᠡᠮᠡᠨ ᠬᠦᠯᠦᠭ ᠤᠨ ᠵᠢᠯᠤᠭᠤ ᠪᠠᠨ ᠰᠤᠩᠭᠠᠨ 2020 ᠤᠨ | ᠳᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠷᠠᠯᠳᠠ ᠶᠢ | ᠲᠤᠷᠠᠳᠤᠨ ᠭᠠᠷᠭᠠᠵᠤ ᠵᠢᠯ ᠤᠨ ᠡᠬᠢᠨ ᠳᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ | ᠶᠢ ᠡᠭᠦᠳᠦᠨ ᠪᠠᠶᠢᠭᠤᠯᠬᠤ ᠲᠠᠶᠢᠴᠢᠯᠠᠯᠳᠠ ᠶᠢᠨ ᠬᠤᠷᠠᠯ ᠪᠠ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ | ᠶᠤᠰᠤ ᠮᠤᠷᠠᠯ ᠤᠨ ᠪᠠᠶᠢᠭᠤᠯᠤᠯᠳᠠ ᠶᠢᠨ ᠠᠵᠢᠯ ᠢ ᠦᠨᠡᠯᠡᠨ ᠲᠤᠭᠳᠠᠭᠠᠬᠤ ᠰᠢᠰᠲ᠋ᠧᠮ ᠤᠨ ᠠᠵᠢᠯ ᠤᠨ ᠡᠭᠦᠷᠭᠡ ᠶᠢ | ᠬᠤᠪᠢᠶᠠᠷᠢᠯᠠᠬᠤ ᠲᠤᠰᠬᠠᠢ ᠠᠵᠢᠯ ᠤᠨ ᠬᠤᠷᠠᠯ ᠢ ᠬᠤᠷᠠᠯᠳᠤᠭᠤᠯᠤᠨ᠂ ︽ᠪᠦᠬᠦ ᠤᠯᠤᠰ ᠤᠨ ᠬᠤᠰᠢᠭᠤ ᠰᠢᠶᠠᠨ ᠤ | ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠤᠤᠷᠵᠢᠯ ᠬᠠᠮᠢᠶᠠᠷᠤᠯᠳᠠ ᠶᠢᠨ ᠲᠤᠭᠤᠷᠢᠭ ᠤᠨ | ᠬᠤᠪᠢᠶᠠᠷᠢᠯᠠᠯ︾ ᠪᠠ ︽ᠭᠡᠰᠡᠭ ᠲᠠᠭᠠᠭᠠᠴᠢᠯᠠᠭᠰᠠᠨ ᠪᠠᠶᠢᠭᠤᠯᠭ᠎ᠠ ᠨᠢᠭᠡᠴᠢ ᠶᠢᠨ ᠠᠵᠢᠯ ᠤᠨ ᠡᠭᠦᠷᠭᠡ ᠴᠢᠳᠠᠪᠬᠢ | ᠡᠭᠦᠷᠭᠡ ᠬᠠᠷᠢᠭᠤᠴᠠᠯᠭ᠎ᠠ︾ ︽ᠵᠠᠮ ᠬᠠᠷᠢᠯᠴᠠᠭᠠᠨ ᠤ ᠵᠠᠮ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ︾ | ᠵᠡᠷᠭᠡ ᠶᠢ ᠲᠤᠭᠳᠠᠭᠠᠨ᠂ ᠡᠯ᠎ᠡ ᠪᠠᠶᠢᠭᠤᠯᠭ᠎ᠠ ᠨᠢᠭᠡᠴᠢ ᠰᠠᠯᠠᠭ᠎ᠠ ᠮᠦᠴᠢᠷ ᠲᠤ ᠪᠠᠯᠭᠠᠰᠤᠨ ᠲᠤᠭᠤᠷᠢᠭ ᠤᠨ ᠰᠠᠭᠤᠭᠠᠯᠠᠢ | ᠠᠷᠠᠳ ᠤᠨ ᠲᠤᠭᠤᠷᠢᠭ᠂ ᠵᠠᠰᠠᠮᠠᠯ ᠵᠠᠮ ᠢᠶᠠᠷ ᠨᠢᠭᠡᠴᠢᠯᠡᠨ ᠭᠡᠰᠡᠭ ᠬᠤᠪᠢᠶᠠᠨ ᠠᠵᠢᠯ ᠤᠨ ᠡᠭᠦᠷᠭᠡ ᠬᠠᠷᠢᠭᠤᠴᠠᠯᠭ᠎ᠠ | ᠶᠢ ᠬᠤᠪᠢᠶᠠᠷᠢᠯᠠᠨ ᠦᠭᠴᠤ᠂ ᠵᠠᠰᠠᠮᠠᠯ ᠵᠠᠮ ᠪᠤᠯᠭᠠᠨ᠂ ᠠᠰᠠᠷ ᠲᠠᠭᠳᠤ ᠪᠦᠷᠢ᠂ ᠲᠤᠭᠳᠠᠭᠰᠠᠨ ᠴᠡᠭ ᠪᠦᠬᠦᠨ | ᠬᠠᠮᠢᠶᠠᠷᠬᠤ ᠬᠦᠮᠦᠨ ᠲᠠᠢ᠂ ᠤᠴᠢᠷ ᠶᠠᠪᠤᠳᠠᠯ ᠪᠤᠯᠭᠠᠨ᠂ ᠠᠵᠢᠯ ᠤᠨ ᠡᠭᠦᠷᠭᠡ ᠪᠦᠬᠦᠨ ᠢ ᠬᠠᠷᠢᠭᠤᠴᠠᠬᠤ ᠬᠦᠮᠦᠨ | ᠲᠠᠢ᠂ ᠤᠷᠤᠰᠢᠵᠤ ᠪᠠᠶᠢᠭ᠎ᠠ ᠠᠰᠠᠭᠤᠳᠠᠯ ᠪᠤᠯᠭᠠᠨ᠂ ᠠᠵᠢᠯ ᠤᠨ ᠱᠠᠭᠠᠷᠳᠠᠯᠭ᠎ᠠ ᠪᠤᠯᠭᠠᠨ᠂ ᠡᠷᠡᠭᠡᠯᠵᠡᠭᠡ ᠲᠠᠢ | ᠠᠰᠠᠭᠤᠳᠠᠯ ᠪᠦᠬᠦᠨ ᠢ ᠰᠢᠢᠳᠪᠦᠷᠢᠯᠡᠬᠦ ᠬᠦᠮᠤᠨ ᠲᠠᠢ ᠪᠠᠶᠢᠬᠤ ᠶᠢ ᠪᠠᠳᠤᠯᠠᠨ᠂ ᠲᠤᠭᠳᠠᠭᠰᠠᠨ ᠬᠤᠭᠤᠴᠠᠭᠠᠨ ᠳᠠᠭᠠᠨ | ᠬᠤᠪᠢᠶᠠᠷᠢᠯᠠᠨ ᠠᠪᠤᠭᠰᠠᠨ ᠤᠷᠤᠨ ᠲᠤᠭᠤᠷᠢᠭ ᠤᠨ ᠢᠶᠠᠨ ᠠᠵᠢᠯ ᠢ ᠰᠠᠶᠢᠳᠤᠷ ᠬᠢᠨ᠂ ᠬᠤᠰᠢᠭᠤ ᠰᠢᠶᠠᠨ ᠤ ᠲᠡᠰ | ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠦᠬᠦᠨ ᠢ ᠪᠦᠷᠬᠦᠬᠦᠯᠬᠦ ᠶᠢ ᠪᠠᠶᠡᠯᠡᠭᠦᠯᠦᠭᠰᠡᠨ | ᠪᠠᠶᠢᠨ᠎ᠠ᠃ ᠡᠭᠦᠨ ᠤ ᠤᠯᠠᠮ ᠢᠶᠠᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠤᠶᠢᠰᠢᠳᠠ ᠶᠢᠨ | ᠨᠢᠭᠡᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠪᠤᠯᠭᠠᠨ ᠠᠳᠬᠤᠵᠤ᠂ ᠡᠯ᠎ᠡ ᠰᠤᠮᠤ ᠪᠠᠯᠭᠠᠰᠤ᠂ ᠪᠠᠶᠢᠭᠤᠯᠭ᠎ᠠ | ᠨᠢᠭᠡᠴᠢ ᠶᠢᠨ ᠵᠢᠯ ᠤᠨ ᠡᠴᠤᠰ ᠤᠨ ᠪᠤᠳᠠᠳᠤ ᠠᠵᠢᠯ ᠢ ᠰᠢᠯᠭᠠᠨ ᠬᠤᠷᠢᠶᠠᠬᠤ ᠠᠭᠤᠯᠭ᠎ᠠ ᠳᠤ ᠤᠷᠤᠭᠤᠯᠤᠭᠰᠠᠨ | ᠪᠦᠭᠡᠳ ᠬᠤᠰᠢᠭᠤ ᠨᠠᠮ ᠤᠨ ᠬᠤᠷᠢᠶᠠᠨ ᠤ ᠱᠦᠵᠢ ᠪᠠᠷ ᠶᠡᠷᠦᠩᠭᠡᠢ ᠵᠢᠯᠤᠭᠤᠳᠤᠭᠴᠢ᠂ ᠬᠤᠰᠢᠭᠤ ᠲᠠᠷᠤᠭ᠎ᠠ ᠪᠠᠷ | ᠲᠡᠳ᠋ ᠶᠡᠷᠦᠩᠭᠡᠢ ᠵᠢᠯᠤᠭᠤᠳᠤᠭᠴᠢ᠂ ᠬᠤᠰᠢᠭᠤ ᠤᠯᠤᠰ ᠲᠦᠷᠤ ᠶᠢᠨ ᠵᠦᠪᠯᠡᠯᠭᠡᠨ ᠤ ᠲᠡᠷᠢᠭᠦᠯᠡᠭᠴᠢ ᠪᠠᠷ ᠬᠢᠨᠠᠨ | ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠪᠠᠨ ᠪᠤᠯᠭᠠᠭᠰᠠᠨ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ | ᠪᠤᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠵᠢᠯᠤᠭᠤᠳᠬᠤ ᠲᠦᠪ ᠢ ᠪᠠᠶᠢᠭᠤᠯᠤᠨ᠂ ᠱᠠᠳᠤ ᠱᠠᠳᠤ ᠪᠠᠷ ᠠᠵᠢᠯ | ᠤᠨ ᠬᠠᠷᠢᠭᠤᠴᠠᠯᠭ᠎ᠠ ᠲᠤᠭᠳᠠᠭᠠᠨ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠨᠠᠮ ᠵᠠᠰᠠᠭ ᠵᠡᠷᠭᠡᠪᠡᠷ | ᠠᠳᠬᠤᠨ ᠬᠠᠮᠳᠤ ᠳᠠᠭᠠᠨ ᠬᠠᠮᠢᠶᠠᠷᠤᠨ ᠨᠡᠶᠢᠭᠡᠮ ᠲᠠᠶᠠᠭᠠᠷ ᠬᠠᠮᠳᠤ ᠪᠠᠷ ᠤᠷᠤᠯᠴᠠᠭᠰᠠᠨ ᠠᠵᠢᠯ ᠤᠨ ᠲᠤᠭᠳᠠᠴᠨ ᠶᠢ | ᠪᠠᠶᠢᠭᠤᠯᠤᠨ ᠪᠦᠷᠢᠨᠰᠢᠭᠦᠯᠦᠭᠰᠡᠨ ᠪᠠ ᠡᠯ᠎ᠡ ᠰᠤᠮᠤ ᠪᠠᠯᠭᠠᠰᠤ ᠪᠠᠶᠢᠭᠤᠯᠭ᠎ᠠ ᠨᠢᠭᠡᠴᠢ ᠠᠴᠠ 10 ᠰᠢᠯᠢᠳᠡᠭ ᠺᠠᠳ᠋ᠷ ᠢ | ᠰᠢᠯᠢᠨ ᠰᠤᠩᠭᠤᠵᠤ ᠠᠵᠢᠯ ᠤᠨ ᠡᠩᠨᠡᠭᠡ ᠪᠠᠨ ᠪᠤᠵᠠᠭᠠᠶᠢᠷᠠᠭᠤᠯᠤᠨ᠂ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ | ᠳᠤ ᠠᠷᠠᠳ ᠤᠯᠠᠨ ᠤ ᠬᠠᠮᠳᠤᠪᠠᠷ ᠤᠷᠤᠯᠴᠠᠬᠤ ᠢᠳᠡᠪᠬᠢᠵᠢᠯ ᠢ ᠲᠠᠶᠢᠴᠢᠯᠠᠨ ᠠᠷᠠᠳ ᠤᠯᠠᠨ ᠤ ᠰᠠᠨᠠᠯ ᠱᠠᠭᠠᠷᠳᠠᠯᠭ᠎ᠠ | ᠪᠠᠨ ᠲᠤᠰᠬᠠᠬᠤ ᠳᠤ ᠲᠦᠭᠦᠮ ᠦᠵᠡᠭᠦᠯᠦᠨ ᠲᠡᠳᠡᠨ ᠤ ᠬᠢᠨᠠᠯᠳᠠ ᠶᠢ ᠬᠦᠯᠢᠶᠡᠬᠦ ᠶᠢᠨ ᠲᠤᠰᠠᠳᠠ 3 ᠪᠤᠯᠪᠠᠰᠤᠨ | ᠬᠤᠳᠠ ᠶᠢ ᠡᠭᠦᠳᠦᠨ ᠪᠠᠶᠢᠭᠤᠯᠬᠤ ᠲᠤᠰᠬᠠᠢ ᠬᠠᠯᠠᠮᠰᠢᠯ ᠤᠳᠠᠰᠤ ᠶᠢ ᠨᠡᠭᠡᠭᠡᠨ ᠨᠡᠪᠳᠡᠷᠡᠭᠦᠯᠵᠤ᠂ ᠲᠤᠬᠠᠢ ᠶᠢᠨ | ᠲᠠᠯᠠᠪᠠᠢ ᠳᠤ ᠠᠯᠪᠠᠯᠠᠬᠤ ᠬᠤᠷᠠᠯ ᠪᠠ ᠪᠠᠶᠢᠭᠤᠯᠭ᠎ᠠ ᠨᠢᠭᠡᠴᠢ ᠶᠢᠨ ᠰᠠᠯᠠᠭ᠎ᠠ ᠮᠦᠴᠢᠷ ᠤᠨ ᠵᠤᠬᠢᠴᠠᠭᠤᠯᠭ᠎ᠠ ᠶᠢᠨ ᠬᠤᠷᠠᠯ | ᠢ ᠤᠯᠠᠨ ᠤᠳᠠᠭ᠎ᠠ ᠵᠤᠬᠢᠶᠠᠨ ᠪᠠᠶᠢᠭᠤᠯᠤᠨ ᠬᠤᠷᠠᠯᠳᠤᠭᠤᠯᠵᠤ ᠤᠳᠤᠬᠠᠨ ᠪᠤᠯᠳᠠᠯ᠎ᠠ ᠬᠦᠴᠢᠷ ᠲᠦᠪᠡᠭᠳᠤ ᠠᠰᠠᠭᠤᠳᠠᠯ | ᠪᠠ ᠭᠤᠤᠯᠳᠠᠯᠭᠠᠳᠠᠢ ᠠᠰᠠᠭᠤᠳᠠᠯ ᠤᠳ ᠢ 200 ᠢᠯᠡᠬᠦᠤ ᠰᠢᠢᠳᠪᠦᠷᠢᠯᠡᠭᠰᠡᠨ ᠪᠠᠶᠢᠨ᠎ᠠ᠃ | ᠤᠶᠢᠯᠠᠭᠠᠭᠰᠠᠨ ᠢᠶᠠᠷ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢ ᠲᠦᠪ ᠤᠨ | ᠤᠶᠤᠨ ᠤ ᠪᠤᠯᠪᠠᠰᠤᠨ ᠤ ᠵᠦᠪᠯᠡᠯ ᠠᠴᠠ ᠨᠡᠷᠡᠶᠢᠳᠴᠤ᠂ ᠭᠤᠷᠪᠠᠨ ᠵᠢᠯ ᠢ ᠨᠢᠭᠡ ᠬᠤᠭᠤᠴᠠᠭ᠎ᠠ ᠪᠤᠯᠭᠠᠨ᠂ ︽ | ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ︾ ᠶᠢ | ᠰᠤᠩᠭᠤᠨ ᠰᠢᠯᠭᠠᠷᠠᠭᠤᠯᠬᠤ ᠦᠶᠡᠯᠡᠯ ᠤᠨ ᠬᠤᠭᠤᠴᠠᠭ᠎ᠠ ᠨᠢ 2018 ᠤᠨ ᠠᠴᠠ 2020 ᠤᠨ ᠪᠤᠯᠳᠠᠯ᠎ᠠ ᠪᠠᠶᠢᠵᠤ | ᠂ ᠵᠢᠯ ᠪᠦᠷᠢ ᠲᠤᠰ ᠲᠤᠰ 15 %᠂ 25%᠂ 60% ᠶᠢᠨ ᠬᠠᠷᠢᠴᠠᠯ ᠢᠶᠠᠷ ᠰᠢᠯᠭᠠᠨ ᠬᠤᠷᠢᠶᠠᠵᠤ ᠶᠡᠷᠦᠩᠭᠡᠢ | ᠬᠤᠪᠢ ᠳᠤ ᠤᠷᠤᠭᠤᠯᠤᠨ᠂ ᠬᠢᠷᠢ ᠲᠡᠩᠴᠡᠭᠰᠡᠨ ᠤ ᠲᠠᠷᠠᠭ᠎ᠠ ᠨᠡᠷᠡᠶᠢᠳᠳᠡᠭ ᠪᠠᠶᠢᠨ᠎ᠠ᠃ | ᠤᠶᠢᠷ᠎ᠠ ᠶᠢᠨ ᠡᠳᠤᠷ ᠬᠤᠰᠢᠭᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠬᠢᠭᠤᠯᠤᠯᠳᠠ ᠶᠢᠨ ᠬᠤᠷᠠᠯ | ᠢ ᠬᠤᠷᠠᠯᠳᠤᠭᠰᠠᠨ ᠤ ᠲᠠᠷᠠᠭ᠎ᠠ ᠡᠯ᠎ᠡ ᠪᠠᠶᠢᠭᠤᠯᠭ᠎ᠠ ᠨᠢᠭᠡᠴᠢ ᠲᠠᠷᠤᠢ ᠲᠦᠷᠭᠡᠨ ᠬᠦᠳᠡᠯᠦᠯᠴᠡᠨ ᠺᠠᠳ᠋ᠷ ᠠᠵᠢᠯᠳᠠᠳ ᠢᠶᠠᠨ | ᠵᠤᠬᠢᠶᠠᠨ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠢᠶᠠᠨ ᠲᠤᠭᠤᠷᠢᠨ ᠳᠤ ᠠᠵᠢᠯ ᠢᠶᠠᠨ ᠦᠷᠨᠢᠭᠦᠯᠬᠦ ᠶᠢᠨ ᠲᠠᠭᠠᠤ | ᠳᠤᠨᠢ ᠬᠤᠪᠢᠶᠠᠷᠢᠯᠠᠨ ᠦᠭᠭᠦᠭᠰᠡᠨ ᠲᠤᠤᠷᠵᠢᠯ ᠬᠠᠮᠢᠶᠠᠷᠤᠯᠳᠠ ᠶᠢᠨ ᠲᠤᠭᠤᠷᠢᠭ ᠲᠠᠭᠠᠨ ᠬᠦᠷᠴᠤ ᠠᠶᠢᠯ ᠡᠷᠦᠭᠡ ᠳᠤ | ᠤᠴᠢᠵᠤ ᠪᠠᠶᠢᠳᠠᠯ ᠢ ᠨᠢ ᠤᠶᠢᠯᠠᠭᠠᠬᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠺᠤᠮᠫᠠᠨᠢ ᠠᠴᠠ ᠪᠠᠶᠢᠳᠠᠯ ᠢ ᠨᠢ | ᠤᠶᠢᠯᠠᠭᠠᠬᠤ ᠵᠡᠷᠭᠡ ᠠᠷᠭ᠎ᠠ ᠭᠡᠯᠪᠡᠷᠢ ᠪᠠᠷ ᠠᠵᠢᠯ ᠢᠶᠠᠨ ᠪᠦᠬᠦ ᠲᠠᠯ᠎ᠠ ᠪᠠᠷ ᠦᠷᠨᠢᠭᠦᠯᠦᠨ᠂ ᠪᠦᠬᠦ ᠬᠤᠰᠢᠭᠤ ᠪᠠᠷ ᠢᠶᠠᠨ | ᠬᠦᠳᠡᠯᠦᠯᠴᠡᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠰᠠᠶᠢᠲᠤᠷ ᠦᠷᠨᠢᠬᠦᠯᠵᠤ ᠪᠠᠶᠢᠨ᠎ᠠ᠃ |