ᠦᠨᠳᠣᠰᠣᠳᠡᠨ ᠤ ᠪᠦᠯᠬᠦᠮᠳᠡᠯ ᠲᠠᠪᠰᠢᠯᠳᠠ ᠪᠠᠷ ᠢᠶᠠᠨ ᠦᠬᠡᠳᠡᠯᠡᠨ ᠲᠡᠭᠵᠢᠷᠡᠵᠤ ᠶᠠᠪᠤᠭ᠎ᠠ ᠴᠤᠤᠳᠠᠢ ᠭᠠᠴᠠᠭ᠎ᠠ
ᠨᠡᠶᠢᠲᠡᠯᠡᠭᠰᠡᠨ ᠴᠠᠭ᠄
2018-09-14
      ᠰᠦᠯᠳᠡ ᠰᠤᠮᠤᠨ ᠤ ᠴᠤᠤᠳᠠᠢ ᠭᠠᠴᠠᠭ᠎ᠠ ᠦᠨᠳᠦᠰᠦᠳᠡᠨ ᠤ ᠪᠦᠯᠬᠦᠯᠳᠡᠯ ᠲᠠᠪᠰᠢᠯᠳᠠ ᠶᠢ ᠠᠯᠢᠪᠠ ᠠᠵᠢᠯ  ᠤᠨ ᠢᠶᠠᠨ ᠭᠠᠷᠳᠠᠬᠤ ᠴᠡᠭ ᠪᠤᠯᠭᠠᠨ ᠴᠢᠩᠭ᠎ᠠ ᠠᠳᠬᠤᠭᠰᠠᠨ ᠢᠶᠠᠷ ᠦᠨᠳᠦᠰᠦᠳᠡᠨ ᠡᠶ᠎ᠡ ᠨᠠᠶᠢᠷᠳᠠᠢ᠂ ᠦᠵᠡᠮᠵᠢ ᠭᠤᠶᠤ ᠰᠠᠶᠢᠬᠠᠨ᠂ ᠠᠷᠠᠳ ᠨᠢ ᠬᠠᠨᠤᠮᠵᠢ ᠲᠠᠢ᠂ ᠠᠮᠢᠳᠤᠷᠠᠯ ᠨᠢ ᠴᠢᠨᠡᠬᠡᠯᠢᠭ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠪᠠᠬᠢᠵᠢᠯ᠎ᠡ᠃      ᠦᠢᠷ᠎ᠠ ᠶᠢᠨ ᠡᠳᠤᠷ ᠰᠦᠯᠳᠡ ᠰᠤᠮᠤᠨ ᠤ ᠴᠤᠤᠳᠠᠢ ᠭᠠᠴᠠᠭᠠᠨ ᠤ ᠨᠠᠮ ᠤᠨ ᠡᠬᠦᠷ ᠤᠨ ᠱᠦᠵᠢ ᠵᠠᠩ ᠢᠥᠢ ᠾᠧ ᠭᠠᠴᠠᠭᠠᠨ ᠲᠠᠷᠤᠭ᠎ᠠ ᠨᠠᠨᠳᠢᠨ ᠲᠠᠢ ᠬᠤᠶᠠᠭᠤᠯᠠ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠶᠢ ᠲᠡᠳᠬᠦᠬᠦ ᠪᠡᠯᠡ ᠮᠦᠩᠬᠦ ᠶᠢ ᠭᠤᠶᠤᠴᠢᠯᠠᠵᠤ᠂ ᠭᠠᠴᠠᠭᠠᠨ ᠤ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠬᠤ ᠪᠠᠷ ᠵᠦᠪᠳᠡᠯᠴᠡᠵᠤ ᠰᠠᠭᠤᠨ᠎ᠠ᠃ ᠡᠨᠡ ᠨᠢ ᠮᠦᠨᠴᠦ ᠲᠤᠰ ᠭᠠᠴᠠᠭᠠᠨ  ᠤ ᠤᠷᠴᠢᠮ ᠤᠨ ᠬᠤᠭᠤᠴᠠᠭᠠᠨ ᠳᠤ ᠬᠢᠬᠦ ᠪᠠᠷ ᠲᠦᠰᠦᠪᠯᠡᠵᠦ ᠪᠤᠢ ᠭᠤᠤᠯᠳᠠᠯᠭ᠎ᠠ ᠲᠠᠢ ᠠᠵᠢᠯ ᠤᠨ ᠬᠢᠨᠢ ᠨᠢᠬᠡ ᠨᠢ ᠪᠤᠯᠤᠨ᠎ᠠ᠃ ᠵᠠᠩ ᠢᠦᠢ ᠾᠧ ᠡᠨᠡ ᠵᠢᠯ ᠤᠨ ᠰᠤᠩᠭᠤᠭᠤᠯᠢ ᠪᠠᠷ ᠲᠠᠬᠢᠨᠳᠠ ᠭᠠᠴᠠᠭᠠᠨ ᠤ ᠪᠠᠨ ᠨᠠᠮ ᠤᠨ ᠡᠬᠦᠷ ᠤᠨ ᠱᠦᠵᠢ ᠪᠠᠷ ᠰᠤᠩᠭᠤᠭᠳᠠᠵᠠᠢ᠃ ᠴᠤᠤᠳᠠᠢ ᠭᠠᠴᠠᠭ᠎ᠠ ᠨᠡᠶᠢᠳᠡ 333 ᠡᠷᠦᠬᠡ ᠲᠠᠢ ᠪᠠᠶᠢᠵᠤ ᠮᠤᠩᠭᠤᠯ ᠦᠨᠳᠦᠰᠦᠳᠡᠨ 72% ᠢ ᠡᠵᠡᠯᠡᠵᠦ᠂ ᠬᠢᠳᠠᠳ ᠦᠨᠳᠦᠰᠦᠳᠡᠨ ᠵᠠᠭᠤᠨ ᠤ 28% ᠶᠢ ᠡᠵᠡᠯᠡᠵᠦ ᠪᠠᠶᠢᠭ᠎ᠠ ᠮᠠᠯᠵᠢᠬᠤ ᠭᠠᠴᠠᠭ᠎ᠠ ᠪᠤᠯᠤᠨ᠎ᠠ᠃ ᠮᠤᠩᠭᠤᠯ ᠦᠨᠳᠦᠰᠦᠲᠡᠨ ᠳᠦᠪᠯᠡᠷᠡᠨ ᠰᠠᠭᠤᠷᠢᠰᠢᠭᠰᠠᠨ ᠮᠠᠯᠵᠢᠬᠤ ᠭᠠᠴᠠᠭᠠᠨ ᠳᠤ ᠱᠦᠵᠢ  ᠶᠢᠨ ᠲᠤᠰᠢᠶᠠᠯ ᠢ ᠡᠬᠦᠷᠬᠡᠯᠡᠵᠦ ᠶᠠᠪᠤᠭ᠎ᠠ ᠵᠠᠩ ᠢᠤᠢ ᠾᠧ ᠤᠨ ᠰᠠᠳᠬᠢᠯ ᠳᠤ ᠦᠨᠳᠦᠰᠦᠳᠡᠨ ᠤ ᠢᠯᠭᠠᠯ ᠦᠬᠡᠢ ᠪᠤᠯᠬᠤᠷ ᠢᠳᠡᠬᠡᠯ ᠲᠦᠬᠦᠷᠡᠩ ᠡᠬᠦᠷᠬᠡᠯᠡᠭᠰᠡᠨ ᠠᠵᠢᠯ ᠢᠶᠠᠨ ᠬᠦᠢᠴᠡᠳᠬᠡᠵᠦ ᠶᠠᠪᠤᠨ᠎ᠠ᠃ ᠡᠨᠡᠬᠦ ᠢᠳᠡᠬᠡᠯ ᠨᠢ ᠴᠤᠤᠳᠠᠢ ᠭᠠᠴᠠᠭᠠᠨ ᠤ ᠡᠯ᠎ᠡ ᠦᠨᠳᠦᠰᠦᠳᠡᠨ ᠪᠦᠯᠬᠦᠮᠳᠡᠨ ᠨᠢᠭᠳᠠᠷᠠᠳᠠᠭ ᠰᠢᠯᠢᠳᠡᠭ ᠤᠯᠠᠮᠵᠢᠯᠠᠯ ᠠᠴᠠ ᠢᠷᠡᠯ ᠲᠠᠢ ᠶᠤᠮ᠃      ᠴᠤᠤᠳᠠᠢ ᠭᠠᠴᠠᠭᠠᠨ ᠤ ᠨᠡᠬᠦᠳᠡᠯ ᠠᠷᠠᠳ ᠤᠨ ᠲᠤᠭᠤᠷᠢᠭ ᠲᠤ ᠰᠠᠭᠤᠵᠤ ᠪᠠᠶᠢᠭ᠎ᠠ ᠡᠷᠳᠡᠨᠢᠰᠠᠩ ᠭᠠᠴᠠᠭᠠᠨ ᠤ ᠤᠯᠠᠨ ᠲᠦᠮᠡᠨ ᠦᠷᠬᠦᠯᠵᠢ ᠨᠢᠭᠳᠠᠷᠠᠵᠤ ︽ᠲᠤᠤᠭᠠᠷᠪᠠᠯ ᠲᠠᠭᠤ ᠨᠢᠬᠡᠳᠡᠢ᠂ ᠲᠤᠭᠳᠤᠷᠪᠠᠯ ᠬᠦᠴᠦ ᠨᠢᠬᠡᠳᠡᠢ︾ ᠪᠠᠶᠢᠳᠠᠭ ᠠᠬᠤᠢ ᠪᠠᠶᠢᠳᠠᠯ ᠳᠤ ᠲᠦᠢᠯ ᠤᠨ ᠬᠠᠨᠤᠮᠵᠢᠳᠠᠢ ᠪᠠᠶᠢᠳᠠᠭ᠃ ᠤᠴᠢᠷ ᠨᠢ ᠭᠠᠴᠠᠭᠠᠨ ᠤ ᠨᠠᠮ ᠤᠨ ᠡᠬᠦᠷ  ᠤᠨ ᠱᠦᠵᠢ ᠵᠠᠩ ᠢᠦᠢ ᠾᠧ ᠤᠨ ᠴᠢᠷᠮᠠᠶᠢᠯᠭ᠎ᠠ ᠵᠢᠴᠢ ᠤᠯᠠᠨ ᠲᠦᠮᠡᠨ ᠤ ᠰᠡᠳᠬᠢᠯ ᠵᠤᠷᠢᠯᠳᠠ ᠨᠢᠬᠡᠳᠦᠭᠰᠡᠨ ᠢᠶᠠᠷ ᠬᠠᠮᠳᠤ ᠪᠠᠷ ᠢᠶᠠᠨ ᠡᠳ᠋ᠯᠡᠬᠦ ᠢᠳᠡᠰᠢᠨ ᠨᠤᠭᠤᠭᠠᠨ ᠤ ᠬᠦᠯᠡᠮᠵᠢ ᠲᠠᠢ ᠪᠤᠯᠤᠭᠰᠠᠨ ᠮᠦᠷᠳᠡᠬᠡᠨ ᠨᠢᠳᠤᠨᠤᠨ ᠨᠡᠬᠦᠳᠡᠯ ᠠᠷᠠᠳ ᠤᠨ ᠲᠤᠭᠤᠷᠢᠭ ᠲᠤ ᠨᠢ ᠪᠠᠶᠢᠭᠠᠯᠢ ᠶᠢᠨ ᠰᠢᠳᠠᠮᠠᠬᠠᠢ ᠬᠡᠢ ᠨᠡᠪᠳᠡᠷᠡᠭᠰᠡᠨ ᠢᠶᠠᠷ ᠤᠳᠤ ᠬᠤᠳᠠ ᠶᠢᠨ ᠬᠦᠮᠦᠨ  ᠠᠴᠠ ᠲᠤᠳᠠᠬᠤ ᠦᠬᠡᠢ ᠠᠮᠢᠳᠤᠷᠠᠯ ᠢ ᠡᠳ᠋ᠯᠡᠬᠦ ᠪᠤᠯᠤᠭᠰᠠᠨ ᠪᠠᠶᠢᠨ᠎ᠠ᠃      ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠤᠯᠠᠨ ᠲᠦᠮᠡᠨ ᠤ ᠦᠵᠡᠯᠳᠡ ᠲᠠᠨᠢᠯᠳᠠ ᠶᠢ ᠬᠤᠪᠢᠷᠠᠭᠤᠯᠬᠤ ᠮᠦᠷᠳᠡᠬᠡᠨ ᠦᠵᠡᠯ ᠰᠠᠨᠠᠭᠠᠨ ᠤ ᠲᠠᠨᠢᠯᠳᠠ ᠲᠠᠢ ᠨᠢ ᠵᠡᠷᠬᠡᠴᠡᠭᠰᠡᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠵᠠᠪᠠᠯ ᠪᠦᠷᠢᠯᠳᠦᠬᠦᠯᠵᠦ ᠪᠠᠶᠠᠵᠢᠨ ᠴᠢᠨᠡᠬᠡᠯᠢᠭᠵᠢᠬᠦ ᠵᠠᠮ ᠳᠤ ᠨᠢᠬᠡ ᠶᠢ ᠴᠤ ᠤᠷᠬᠢᠭᠳᠠᠭᠤᠯᠬᠤ ᠦᠬᠡᠢ ᠬᠡᠵᠦ ᠴᠢᠷᠮᠠᠶᠢᠳᠠᠭ ᠨᠢ ᠴᠤᠤᠳᠠᠢ ᠭᠠᠴᠠᠭᠠᠨ ᠤ ᠬᠠᠮᠳᠤ ᠶᠢᠨ ᠰᠢᠯᠢᠳᠡᠭ ᠤᠯᠠᠮᠵᠢᠯᠠᠯ ᠶᠤᠮ᠃ ᠴᠤᠤᠳᠠᠢ ᠭᠠᠴᠠᠭᠠᠨ ᠤ ᠴᠤᠤᠳᠠᠢ ᠮᠠᠯᠵᠢᠯ ᠤᠨ ᠬᠤᠷᠰᠢᠶᠠᠨ ᠤ ᠨᠠᠶᠢᠷᠠᠮᠳᠤ ᠤᠤᠯ ᠨᠢ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠡᠷᠦᠬᠡ ᠪᠠᠶᠢᠵᠠᠢ᠃ ᠤᠳᠤ ᠡᠳᠡᠨ ᠤ ᠠᠮᠢᠳᠤᠷᠠᠯ ᠠᠭᠠᠵᠢᠮ ᠢᠶᠠᠷ ᠰᠠᠶᠢᠵᠢᠷᠠᠵᠤ ᠡᠨᠡ ᠵᠢᠯ ᠤᠨ ᠤᠷᠤᠯᠭ᠎ᠠ ᠨᠠᠢᠮᠠᠨ ᠲᠦᠮᠡᠨ ᠲᠦᠬᠦᠷᠢᠭ ᠲᠤ ᠬᠦᠷᠬᠦ ᠪᠤᠯᠤᠮᠵᠢ ᠲᠠᠢ ᠪᠤᠯᠤᠯ᠎ᠠ᠃ ︽ᠵᠦᠳᠡᠷᠡᠵᠦ ᠪᠠᠶᠢᠬᠤ ᠦᠶ᠎ᠡ ᠳᠤ ᠭᠠᠴᠠᠭᠠᠨ ᠤ ᠠᠷᠠᠳ ᠤᠯᠠᠨ ᠬᠠᠷᠠᠮ ᠦᠬᠡᠢ ᠲᠠᠮᠵᠢᠨ ᠲᠤᠰᠠᠯᠠᠭᠰᠠᠨ ᠢᠶᠠᠷ ᠤᠷᠤᠯᠭ᠎ᠠ ᠮᠢᠨᠢ ᠨᠡᠮᠡᠭᠳᠡᠵᠤ ᠠᠮᠢᠳᠤᠷᠠᠯ ᠮᠢᠨᠢ ᠰᠠᠶᠢᠵᠢᠷᠠᠯ᠎ᠠ᠃ ᠡᠨᠡ ᠪᠤᠯ ᠭᠠᠴᠠᠭᠠᠨ ᠤ ᠬᠠᠮᠳᠤᠪᠠᠷ ᠢᠶᠠᠷ ᠢᠶᠠᠨ ᠴᠢᠷᠮᠠᠶᠢᠭᠰᠠᠨ ᠤ ᠦᠷ᠎ᠡ ᠪᠦᠳᠦᠬᠡᠯ ᠪᠤᠯᠤᠨ᠎ᠠ︾ ᠬᠡᠵᠤ ᠬᠡᠵᠦ ᠨᠠᠶᠢᠷᠠᠯᠲᠤ ᠨᠠᠰᠤᠳᠠᠨ ᠢᠳᠡᠬᠡᠯ ᠲᠠᠢ ᠶᠠᠷᠢᠨ᠎ᠠ᠃      ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠳᠡᠨ ᠤ ᠠᠵᠢᠯ ᠤᠨ ᠬᠤᠷᠠᠯ ᠲᠡᠬᠡᠷ᠎ᠡ ᠡᠯ᠎ᠡ ᠦᠨᠳᠦᠰᠦᠳᠡᠨ  ᠤ ᠤᠯᠠᠨ ᠲᠦᠮᠡᠨ ᠨᠠᠷ ᠠᠳᠠᠯᠢ ᠨᠢᠭᠳᠠᠷᠠᠵᠤ᠂ ᠬᠠᠷᠢᠯᠴᠠᠨ ᠠᠭᠤᠰᠤᠯᠴᠠᠵᠤ᠂ ᠦᠨᠳᠦᠰᠦᠳᠡᠨ ᠤ ᠢᠯᠭᠠᠯ ᠦᠬᠡᠢ ᠪᠠᠷ ᠨᠡᠶᠢᠬᠡᠮ ᠵᠢᠷᠤᠮ ᠤᠨ ᠤᠷᠤᠭᠰᠢᠯᠠᠯᠳᠠ ᠲᠤᠮᠳᠠ ᠬᠠᠷᠢᠯᠴᠠᠨ ᠬᠠᠪᠰᠤᠷᠤᠯᠴᠠᠵᠤ ᠬᠠᠮᠳᠤᠪᠠᠷ ᠲᠠᠪᠰᠢᠬᠤ ᠬᠡᠷᠡᠭᠳᠡᠢ ᠬᠡᠵᠦ ᠵᠢᠭᠠᠵᠤ ᠭᠠᠷᠭᠠᠭᠰᠠᠨ ᠶᠤᠰᠤᠭᠠᠷ ᠴᠤᠤᠳᠠᠢ ᠭᠠᠴᠠᠭ᠎ᠠ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠪᠠᠷ ᠮᠠᠯᠴᠢᠨ ᠲᠠᠷᠢᠶᠠᠴᠢᠳ ᠤᠨ ᠢᠶᠠᠨ ᠦᠢᠯᠡᠳᠪᠤᠷᠢᠯᠡᠯ ᠠᠮᠢᠳᠤᠷᠠᠯ ᠲᠤᠮᠳᠠᠬᠢ ᠬᠠᠪᠰᠤᠷᠤᠯᠴᠠᠭ᠎ᠠ ᠪᠦᠯᠬᠦᠮᠳᠡᠯ ᠢ ᠤᠯᠠᠮ ᠴᠢᠩᠭᠠᠳᠬᠠᠵᠤ᠂ ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ ᠦᠨᠳᠦᠰᠦᠳᠡᠨ ᠤ ᠪᠦᠯᠬᠦᠮᠳᠡᠯ ᠡᠶ᠎ᠡ ᠨᠠᠶᠢᠷᠳᠠᠢ ᠲᠤᠮᠤ ᠬᠡᠷ ᠪᠦᠯᠢ ᠶᠢ ᠪᠠᠶᠢᠭᠤᠯᠵᠤ ᠡᠬᠦᠨ ᠢᠶᠠᠷ ᠢᠶᠠᠨ ᠲᠠᠮᠵᠢᠭᠤᠯᠤᠨ ᠭᠠᠴᠠᠭᠠᠨ ᠤ ᠪᠠᠨ ᠬᠦᠭᠵᠢᠯᠳᠡ ᠶᠢ ᠲᠦᠷᠬᠡᠳᠬᠡᠵᠦ ᠠᠷᠠᠳ ᠤᠨ ᠠᠮᠢᠳᠤᠷᠠᠯ ᠢ ᠦᠷᠬᠦᠯᠵᠢᠯᠡᠨ ᠴᠢᠨᠡᠬᠡᠯᠢᠭᠵᠢᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号